ᠬᠠᠶᠢᠷᠤᠪ ᠤᠨ ᠲᠣᠬᠤᠢ ᠲᠣᠭᠤᠷᠢᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠲᠠᠢ ᠬᠤᠯᠪᠣᠭᠳᠠᠨ᠎ᠠ
ᠨᠡᠶᠢᠲᠡᠯᠡᠭᠰᠡᠨ ᠴᠠᠭ᠄
2024/5/13
    ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠶᠠᠰᠤ ᠴᠢᠨᠠᠷ ᠤᠨ ᠬᠢᠨᠠᠨ ᠬᠡᠮᠵᠢᠯᠲᠡ ᠶᠢᠨ ᠵᠣᠷᠢᠯᠭ᠎ᠠ ᠨᠢ ᠪᠥᠬᠦ ᠲᠠᠯ᠎ᠠ ᠶᠢᠨ ᠪᠤᠰᠤᠳᠴᠢ ᠬᠢᠨᠠᠨ ᠬᠡᠮᠵᠢᠯᠲᠡ ᠶᠢᠨ ᠲᠤᠭ᠎ᠠ ᠪᠠᠷᠢᠮᠲᠠ ᠪᠠᠷ ᠰᠤᠷᠭᠠᠨ ᠬᠥᠮᠦᠵᠢᠯ ᠤᠨ ᠰᠢᠢᠳᠪᠦᠷᠢᠲᠦ ᠪᠣᠳᠣᠯᠭ᠎ᠠ ᠶᠢ ᠲᠤᠯᠭᠠᠭᠤᠷᠢᠯᠠᠬᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠠᠮᠢᠶᠠᠷᠤᠯᠲᠠ ᠶᠢ ᠰᠠᠶᠢᠵᠢᠷᠠᠭᠤᠯᠬᠤ ᠳᠤ ᠦᠢᠯᠡᠴᠢᠯᠡᠬᠦ᠂ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠠᠬᠢᠭᠤᠯᠬᠤ ᠳᠤ ᠦᠢᠯᠡᠴᠢᠯᠡᠬᠦ ᠪᠠᠷ ᠵᠤᠷᠢᠯᠭ᠎ᠠ ᠪᠠᠨ ᠪᠤᠯᠭᠠᠵᠠᠢ᠃ ᠬᠠᠶᠢᠷᠤᠪ ᠤᠨ ᠲᠤᠬᠤᠢ ᠲᠣᠭᠤᠷᠢᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠪᠠᠶᠢᠬᠤ ᠶᠢ ᠡᠭᠦᠳᠦᠨ ᠪᠠᠶᠢᠭᠤᠯᠬᠤ ᠠᠵᠢᠯ ᠢ ᠲᠦᠷᠭᠡᠳᠬᠡᠨ ᠠᠬᠢᠭᠤᠯᠵᠤ᠂ ᠰᠠᠭᠤᠷᠢ ᠰᠤᠷᠭᠠᠨ ᠬᠥᠮᠦᠵᠢᠯ ᠤᠨ ᠰᠢᠯᠢᠳᠡᠭᠵᠢᠯ ᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠲᠠᠰᠤᠷᠠᠯᠲᠠ ᠦᠭᠡᠢ ᠠᠬᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢ ᠪᠡᠶᠡᠯᠡᠭᠦᠯᠬᠦ ᠶᠢᠨ ᠲᠥᠯᠥᠭᠡ᠂ ᠬᠠᠶᠢᠷᠤᠪ ᠤᠨ ᠲᠤᠬᠤᠢ ᠲᠣᠭᠤᠷᠢᠭ ᠡᠨᠡ ᠵᠢᠯ 2024 ᠣᠨ ᠤ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠪᠠᠶᠢᠬᠤ ᠶᠢ ᠱᠠᠯᠠᠪᠳᠠᠭᠤᠯᠤᠨ ᠵᠢᠯᠣᠭᠤᠳᠴᠤ ᠦᠨᠡᠯᠡᠨ ᠵᠢᠱᠢᠵᠦ ᠮᠠᠭᠠᠳᠯᠠᠨ ᠲᠣᠭᠲᠠᠭᠠᠵᠤ ᠰᠢᠶᠠᠨ ᠤ ᠰᠤᠷᠭᠠᠨ ᠬᠥᠮᠦᠵᠢᠯ ᠤᠨ ᠶᠠᠰᠤ ᠴᠢᠨᠠᠷ ᠢ ᠬᠢᠨᠠᠨ ᠬᠡᠮᠵᠢᠬᠦ ᠠᠵᠢᠯ ᠳᠤ ᠣᠷᠣᠯᠴᠠᠵᠤ᠂ ᠬᠠᠶᠢᠷᠤᠪ ᠤᠨ ᠲᠤᠬᠤᠢ ᠲᠣᠭᠤᠷᠢᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠰᠠᠭᠤᠨ ᠯᠠᠪᠯᠠᠬᠤ ᠳᠤ ᠰᠤᠳᠠᠯ ᠪᠠᠷᠢᠵᠤ ᠥᠭᠪᠡ᠃
640.png   
    ᠣᠶᠢᠷ᠎ᠠ ᠶᠢᠨ ᠡᠳᠦᠷ ᠤᠳ ᠲᠤ᠂ ᠬᠠᠶᠢᠷᠤᠪ ᠤᠨ ᠲᠣᠬᠤᠶ ᠲᠣᠭᠤᠷᠢᠭ ᠤᠨ ᠰᠤᠷᠭᠠᠨ ᠬᠥᠮᠦᠵᠢᠯ ᠤᠨ ᠰᠢᠮᠳᠠᠭᠤᠯᠤᠨ ᠵᠢᠯᠣᠭᠤᠳᠬᠤ ᠲᠥᠪ ᠢ ᠭᠤᠷᠪᠠᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠬᠤᠪᠢᠶᠠᠵᠤ᠂ ᠲᠣᠰ ᠲᠣᠰ ᠬᠠᠶᠢᠷᠤᠪ ᠤᠨ ᠲᠣᠬᠤᠶ ᠲᠣᠭᠤᠷᠢᠭ ᠤᠨ 21 ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠳᠤ ᠰᠢᠯᠢᠳᠡᠭ ᠰᠤᠷᠤᠭᠴᠢᠳ ᠤᠨ ᠬᠢᠨᠠᠨ ᠬᠡᠮᠵᠢᠯᠲᠡ ᠶᠢᠨ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠥᠷᠨᠢᠭᠦᠯᠪᠡ᠃ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠷᠢᠳ ᠬᠤᠵᠢᠳ ᠬᠠᠶᠢᠷᠤᠪ ᠤᠨ ᠲᠤᠬᠤᠢ ᠲᠣᠭᠤᠷᠢᠭ ᠤᠨ ᠨᠠᠢᠮᠠᠳᠤᠭᠠᠷ ᠳᠤᠮᠳᠠᠳᠤ ᠰᠤᠷᠭᠠᠭᠤᠯᠢ ᠪᠣᠯᠤᠨ ᠬᠠᠶᠢᠷᠤᠪ ᠤᠨ ᠲᠤᠬᠤᠢ ᠲᠣᠭᠤᠷᠢᠭ ᠤᠨ ᠨᠠᠢᠮᠠᠳᠤᠭᠠᠷ ᠪᠠᠭ᠎ᠠ ᠰᠤᠷᠭᠠᠭᠤᠯᠢ ᠳᠤ ᠬᠦᠷᠴᠦ ᠲᠤᠬᠠᠢ ᠶᠢᠨ ᠭᠠᠵᠠᠷ ᠲᠤᠨᠢ ᠱᠠᠯᠠᠪᠳᠠᠭᠤᠯᠤᠨ ᠪᠠᠶᠢᠴᠠᠭᠠᠵᠤ᠂ ᠬᠢᠨᠠᠨ ᠬᠡᠮᠵᠢᠬᠦ ᠳᠤ ᠬᠡᠷᠡᠭᠯᠡᠬᠦ ᠲᠥᠬᠦᠭᠡᠷᠦᠮᠵᠢ᠂ ᠬᠡᠮᠵᠢᠨ ᠰᠢᠯᠭᠠᠬᠤ ᠳᠤ ᠬᠡᠷᠡᠭᠯᠡᠬᠦ ᠴᠢᠬᠢᠨ ᠮᠠᠰᠢᠨ᠂ ᠦᠯᠢᠭᠡᠷ ᠬᠡᠪ ᠤᠨ ᠰᠤᠷᠭᠠᠭᠤᠯᠢ ᠶᠢᠨ ᠺᠣᠮᠫᠢᠦ᠋ᠲ᠋ᠧᠷ ᠵᠢᠴᠢ ᠰᠦᠯᠵᠢᠶᠡᠨ ᠤ ᠰᠢᠯᠭᠠᠯᠲᠠ ᠶᠢᠨ ᠨᠥᠬᠦᠴᠡᠯ ᠤᠨ ᠬᠠᠮᠢᠶ᠎ᠠ ᠪᠦᠬᠦᠢ ᠠᠰᠠᠭᠤᠳᠠᠯ᠂ ᠰᠤᠷᠤᠭᠴᠢᠳ ᠤᠨ ᠰᠦᠯᠵᠢᠶᠡᠨ ᠤ ᠰᠢᠯᠭᠠᠯᠲᠠ ᠶᠢᠨ ᠬᠢᠴᠢᠶᠡᠯ ᠤᠨ ᠭᠡᠷ ᠤᠭᠰᠠᠷᠠᠭᠰᠠᠨ ᠨᠢ ᠱᠠᠭᠠᠷᠳᠠᠯᠭ᠎ᠠ ᠳᠤ ᠨᠡᠶᠢᠴᠡᠭᠰᠡᠨ ᠬᠢᠨᠠᠨ ᠡᠵᠡᠮᠳᠡᠬᠦ ᠲᠥᠬᠦᠭᠡᠷᠦᠮᠵᠢ ᠵᠢᠴᠢ ᠰᠠᠭᠤᠳᠠᠯ ᠤᠨ ᠲᠠᠰᠤᠯᠭ᠎ᠠ ᠶᠢᠨ ᠲᠠᠰᠤᠯᠭ᠎ᠠ ᠳᠤ ᠨᠡᠶᠢᠴᠡᠬᠦ᠂ ᠬᠢᠨᠠᠨ ᠬᠡᠮᠵᠢᠯᠲᠡ ᠶᠢᠨ ᠪᠠᠭᠠᠵᠢ ᠶᠢ ᠬᠦᠯᠢᠶᠡᠨ ᠠᠪᠬᠤ ᠪᠠ ᠬᠠᠳᠠᠭᠠᠯᠠᠵᠤ ᠬᠠᠮᠢᠶᠠᠷᠬᠤ ᠵᠡᠷᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠬᠢᠨᠠᠨ ᠬᠡᠮᠵᠢᠯᠲᠡ ᠶᠢ ᠬᠡᠷᠡᠭᠵᠢᠭᠦᠯᠬᠦ ᠠᠵᠢᠯ ᠤᠨ ᠤᠷᠤᠭᠰᠢᠲᠠᠢ ᠪᠡᠶᠡᠯᠡᠭᠳᠡᠬᠦ ᠶᠢ ᠪᠠᠲᠤᠯᠠᠪᠠ᠃
640 (1).png   
    ᠣᠶᠢᠯᠠᠭᠠᠭᠰᠠᠨ ᠢᠶᠠᠷ᠂ ᠬᠠᠶᠢᠷᠤᠪ ᠤᠨ ᠲᠣᠬᠤᠶ ᠲᠣᠭᠤᠷᠢᠭ ᠲᠤ ᠨᠡᠶᠢᠲᠡ 21 ᠳᠤᠮᠳᠠᠳᠤ ᠪᠠᠭ᠎ᠠ ᠰᠤᠷᠭᠠᠭᠤᠯᠢ 2024 ᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢᠨ ᠶᠠᠰᠤ ᠴᠢᠨᠠᠷ ᠤᠨ ᠬᠢᠨᠠᠨ ᠬᠡᠮᠵᠢᠯᠲᠡ ᠳᠤ ᠣᠷᠣᠯᠴᠠᠵᠤ᠂ ᠡᠭᠦᠨ ᠳᠤ 13 ᠪᠠᠭ᠎ᠠ ᠰᠤᠷᠭᠠᠭᠤᠯᠢ᠂ 1 ᠶᠢᠰᠦᠨ ᠵᠢᠯ ᠤᠨ ᠳᠦᠷᠢᠮᠲᠦ ᠰᠤᠷᠭᠠᠭᠤᠯᠢ᠂ 7 ᠳᠤᠮᠳᠠᠳᠤ ᠰᠤᠷᠭᠠᠭᠤᠯᠢ ᠪᠠᠭᠲᠠᠨ᠎ᠠ᠃ ᠶᠠᠰᠤ ᠴᠢᠨᠠᠷ ᠤᠨ ᠬᠢᠨᠠᠨ ᠬᠡᠮᠵᠢᠯᠲᠡ ᠶᠢᠨ ᠠᠭᠤᠯᠭ᠎ᠠ ᠳᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠤᠭᠴᠢᠳ ᠤᠨ ᠲᠣᠭᠠᠨ ᠤ ᠤᠬᠠᠭᠠᠨ᠂ ᠪᠡᠶ᠎ᠡ ᠶᠢᠨ ᠲᠠᠮᠢᠷ ᠡᠷᠡᠭᠦᠯ ᠮᠡᠨᠳᠦ᠂ ᠰᠡᠳᠬᠢᠴᠡ ᠶᠢᠨ ᠡᠷᠡᠭᠦᠯ ᠮᠡᠨᠳᠦ᠂ ᠬᠡᠯᠡ ᠪᠢᠴᠢᠭ᠂ ᠤᠷᠠᠯᠢᠭ᠂ ᠠᠩᠭ᠍ᠯᠢ ᠬᠡᠯᠡ᠂ ᠰᠢᠨᠵᠢᠯᠡᠬᠦ ᠤᠬᠠᠭᠠᠨ᠂ ᠶᠣᠰᠣ ᠰᠤᠷᠲᠠᠬᠤᠨ ᠤ ᠬᠥᠮᠦᠵᠢᠯ᠂ ᠬᠥᠳᠡᠯᠮᠦᠷᠢ ᠶᠢᠨ ᠰᠢᠨᠵᠢᠯᠡᠭᠡᠨ ᠤ ᠬᠦᠷᠢᠶᠡᠨ ᠤ ᠰᠤᠷᠤᠯᠴᠠᠯᠭ᠎ᠠ ᠶᠢᠨ ᠶᠠᠰᠤ ᠴᠢᠨᠠᠷ᠂ ᠰᠤᠷᠭᠠᠨ ᠬᠥᠮᠦᠵᠢᠯ ᠤᠨ ᠶᠠᠰᠤ ᠴᠢᠨᠠᠷ ᠤᠨ ᠬᠢᠨᠠᠨ ᠬᠡᠮᠵᠢᠯᠲᠡ ᠶᠢᠨ ᠲᠤᠬᠠᠶ ᠶᠢᠨ ᠲᠠᠯᠠᠪᠠᠶ ᠶᠢᠨ ᠬᠡᠮᠵᠢᠯᠲᠡ ᠶᠢᠨ ᠴᠠᠭ ᠨᠢ 5 ᠳ᠋ᠤᠭᠠᠷ ᠰᠠᠷ᠎ᠠ ᠶᠢᠨ 22᠎ ᠤᠨ ᠡᠳᠦᠷ ᠠᠴᠠ 5 ᠳ᠋ᠤᠭᠠᠷ ᠰᠠᠷ᠎ᠠ ᠶᠢᠨ 23᠎ ᠤ ᠡᠳᠦᠷ ᠪᠣᠯᠤᠨ᠎ᠠ᠃    ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠬᠢᠨᠠᠨ ᠬᠡᠮᠵᠢᠬᠦ ᠠᠵᠢᠯ ᠢ ᠥᠷᠨᠢᠭᠦᠯᠬᠦ ᠪᠣᠯ ᠪᠦᠬᠦ ᠨᠡᠶᠢᠭᠡᠮ ᠢ ᠬᠥᠲᠥᠯᠥᠨ ᠵᠢᠯᠣᠭᠤᠳᠴᠤ ᠪᠠᠶᠢᠭᠠᠳ ᠰᠢᠨᠵᠢᠯᠡᠬᠦ ᠤᠬᠠᠭᠠᠨᠴᠢ ᠰᠤᠷᠭᠠᠨ ᠬᠥᠮᠦᠵᠢᠯ ᠤᠨ ᠶᠠᠰᠤ ᠴᠢᠨᠠᠷ ᠤᠨ ᠦᠵᠡᠯᠲᠡ ᠶᠢ ᠪᠣᠶ ᠪᠣᠯᠭᠠᠬᠤ᠂ ᠬᠥᠮᠦᠨ ᠢ ᠬᠥᠮᠦᠵᠢᠭᠦᠯᠬᠦ ᠰᠠᠶᠢᠨ ᠰᠠᠶᠢᠬᠠᠨ ᠣᠷᠴᠢᠨ ᠲᠣᠭᠤᠷᠢᠨ ᠪᠠ ᠰᠢᠨ᠎ᠡ ᠴᠠᠭ ᠦᠶ᠎ᠡ ᠶᠢᠨ ᠰᠤᠷᠭᠠᠨ ᠬᠥᠮᠦᠵᠢᠯ ᠤᠨ ᠬᠥᠭᠵᠢᠯᠲᠡ ᠶᠢᠨ ᠲᠤᠯᠭᠠᠮ᠎ᠠ ᠬᠡᠷᠡᠭᠴᠡᠭᠡ ᠮᠥᠨ᠃ ᠪᠤᠰᠤᠳᠴᠢ᠂ ᠬᠡᠮᠵᠢᠶᠡᠵᠢᠭᠦᠯᠦᠭᠰᠡᠨ ᠬᠢᠨᠠᠨ ᠬᠡᠮᠵᠢᠭᠰᠡᠨ ᠲᠤᠭ᠎ᠠ ᠪᠠᠷᠢᠮᠲᠠ ᠪᠠᠷ ᠳᠠᠮᠵᠢᠭᠤᠯᠤᠨ᠂ ᠬᠠᠶᠢᠷᠤᠪ ᠤᠨ ᠲᠣᠬᠤᠢ ᠲᠣᠭᠤᠷᠢᠭ ᠤᠨ ᠣᠳᠣᠬᠠᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠠᠰᠤ ᠴᠢᠨᠠᠷ ᠤᠨ ᠪᠠᠶᠢᠳᠠᠯ ᠢ ᠬᠡᠮᠵᠢᠵᠦ᠂ ᠰᠤᠷᠭᠠᠨ ᠬᠥᠮᠦᠵᠢᠯ ᠤᠨ ᠶᠠᠰᠤ ᠴᠢᠨᠠᠷ ᠢ ᠨᠥᠯᠥᠭᠡᠯᠡᠬᠦ ᠬᠦᠴᠦᠨ ᠵᠦᠢᠯ ᠢ ᠰᠤᠳᠤᠯᠵᠤ᠂ ᠰᠤᠷᠭᠠᠨ ᠬᠥᠮᠦᠵᠢᠯ ᠤᠨ ᠶᠠᠰᠤ ᠴᠢᠨᠠᠷ ᠢ ᠰᠠᠶᠢᠵᠢᠷᠠᠭᠤᠯᠬᠤ ᠠᠷᠭ᠎ᠠ ᠶᠢ ᠳᠤᠷᠠᠳᠴᠤ᠂ ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠬᠤ᠂ ᠰᠤᠷᠭᠠᠨ ᠬᠥᠮᠦᠵᠢᠯ ᠤᠨ ᠠᠭᠤᠯᠤᠭᠳᠠᠬᠤᠨ ᠤ ᠲᠦᠷᠭᠡᠨ ᠬᠥᠭᠵᠢᠯᠲᠡ ᠶᠢ ᠠᠬᠢᠭᠤᠯᠬᠤ ᠪᠠ ᠰᠤᠷᠭᠠᠨ ᠬᠥᠮᠦᠵᠢᠯ ᠤᠨ ᠬᠦᠴᠦᠷᠬᠡᠭ ᠣᠷᠣᠨ ᠢ ᠪᠦᠲᠦᠭᠡᠨ ᠪᠠᠶᠢᠭᠤᠯᠬᠤ ᠳᠤ ᠬᠦᠴᠦᠲᠡᠶ ᠲᠤᠰᠬᠠᠶ ᠮᠡᠷᠭᠡᠵᠢᠯ ᠤᠨ ᠲᠤᠯᠭᠠᠭᠤᠷᠢᠯᠠᠯ ᠬᠠᠩᠭᠠᠵᠤ᠂ ᠰᠤᠷᠭᠠᠨ ᠬᠥᠮᠦᠵᠢᠯ ᠤᠨ ᠦᠷ᠎ᠡ ᠪᠦᠲᠦᠭᠡᠯ ᠢ ᠰᠤᠷᠤᠭᠴᠢᠳ ᠲᠤ ᠬᠦᠷᠲᠡᠭᠡᠵᠦ᠂ ᠣᠯᠠᠨ ᠲᠦᠮᠡᠨ ᠤ ᠵᠣᠯ ᠵᠢᠷᠭᠠᠯᠲᠤ ᠲᠥᠷᠥᠭᠳᠡᠯ ᠢ ᠨᠡᠮᠡᠭᠳᠡᠭᠦᠯᠦᠨ᠎ᠡ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号