ᠤᠯᠠᠭᠠᠨ ᠱᠤᠭᠤᠮ ᠢ ᠴᠢᠩᠭ᠋᠎ᠠ ᠰᠠᠬᠢᠨ᠎ᠠ︕ ᠰᠤᠷᠪᠤᠯᠵᠢᠯᠠᠭᠴᠢ ᠲᠠᠷᠢᠶᠠᠨ ᠭᠠᠵᠠᠷ ᠤᠨ ᠬᠠᠮᠠᠭᠠᠯᠠᠯᠲᠠ ᠬᠠᠮᠢᠶᠠᠷᠤᠯᠲᠠ ᠶᠢ ᠴᠢᠩᠭᠠᠳᠬᠠᠬᠤ ᠠᠵᠢᠯ ᠤᠨ ᠳᠤᠭᠤᠶᠢᠯᠠᠩ ᠢ ᠳᠠᠭᠠᠵᠤ ᠴᠡᠭᠡᠯ ᠠᠭᠤᠯᠠ ᠪᠠᠯᠭᠠᠰᠤᠨ ᠳᠤ ᠬᠦᠷᠴᠦ ᠲᠤᠬᠠᠶ ᠶᠢᠨ ᠭᠠᠵᠠᠷ ᠲᠤᠨᠢ  ᠪᠠᠶᠢᠴᠠᠭᠠᠪᠠ
ᠨᠡᠶᠢᠲᠡᠯᠡᠭᠰᠡᠨ ᠴᠠᠭ᠄
2024/5/13
    ᠲᠠᠷᠢᠶᠠᠨ ᠭᠠᠵᠠᠷ ᠤᠨ ᠬᠡᠷᠡᠭᠯᠡᠯᠲᠡ ᠶᠢ ᠵᠠᠬᠢᠷᠤᠨ ᠬᠠᠮᠢᠶᠠᠷᠬᠤ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠥᠬᠦ ᠲᠠᠯ᠎ᠠ ᠪᠠᠷ ᠪᠠᠬᠢᠵᠢᠭᠦᠯᠵᠦ᠂ 18 ᠳ᠋ᠦᠩᠰᠢᠭᠤᠷ ᠮᠥ ᠲᠠᠷᠢᠶᠠᠨ ᠭᠠᠵᠠᠷ ᠤᠨ ᠤᠯᠠᠭᠠᠨ ᠱᠤᠭᠤᠮ ᠢ ᠪᠠᠲᠤ ᠰᠠᠬᠢᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠪᠠ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ᠂ ᠲᠤᠭᠤᠷᠢᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠲᠠᠷᠢᠶᠠᠨ ᠭᠠᠵᠠᠷ ᠢ ᠬᠠᠮᠠᠭᠠᠯᠠᠬᠤ ᠲᠤᠬᠠᠶ ᠠᠵᠢᠯ ᠤᠨ ᠱᠠᠭᠠᠷᠳᠠᠯᠭ᠎ᠠ ᠶᠣᠰᠣᠭᠠᠷ᠂ ᠣᠶᠢᠷ᠎ᠠ ᠶᠢᠨ ᠬᠤᠭᠤᠴᠠᠭᠠᠨ ᠳᠤ᠂ ᠦᠬᠠᠶ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠬᠠᠶᠢᠷᠤᠪ ᠤᠨ ᠲᠣᠬᠤᠢ ᠶᠢᠨ ᠬᠤᠪᠢᠶᠠᠷᠢ ᠲᠣᠪᠴᠢᠶ᠎ᠠ ᠴᠡᠭᠡᠯ ᠠᠭᠤᠯᠠ ᠪᠠᠯᠭᠠᠰᠤ ᠪᠠ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ ᠲᠠᠢ ᠬᠠᠮᠲᠤᠷᠠᠨ ᠲᠠᠷᠢᠶᠠᠨ ᠭᠠᠵᠠᠷ ᠢ ᠬᠠᠮᠠᠭᠠᠯᠠᠵᠤ ᠬᠠᠮᠢᠶᠠᠷᠬᠤ ᠠᠵᠢᠯ ᠢ ᠴᠢᠩᠭᠠᠳᠬᠠᠪᠠ᠃
    5 ᠰᠠᠷ᠎ᠠ ᠶᠢᠨ 7᠎ ᠤ ᠡᠳᠦᠷ᠂ ᠰᠤᠷᠪᠤᠯᠵᠢᠯᠠᠭᠴᠢ ᠲᠠᠷᠢᠶᠠᠨ ᠭᠠᠵᠠᠷ ᠤᠨ ᠬᠠᠮᠠᠭᠠᠯᠠᠯᠲᠠ ᠬᠠᠮᠢᠶᠠᠷᠤᠯᠲᠠ ᠶᠢ ᠴᠢᠩᠭᠠᠳᠬᠠᠬᠤ ᠠᠵᠢᠯ ᠤᠨ ᠳᠤᠭᠤᠶᠢᠯᠠᠩ ᠢ ᠳᠠᠭᠠᠵᠤ ᠴᠡᠭᠡᠯ ᠠᠭᠤᠯᠠ ᠪᠠᠯᠭᠠᠰᠤᠨ ᠳᠤ ᠬᠦᠷᠴᠦ ᠲᠤᠬᠠᠶ ᠶᠢᠨ ᠭᠠᠵᠠᠷ ᠲᠤᠨᠢ ᠪᠠᠶᠢᠴᠠᠭᠠᠨ ᠵᠢᠭᠰᠠᠭᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠨᠠᠷᠢᠨ ᠨᠢᠮᠪᠠᠶ ᠰᠤᠳᠤᠯᠤᠨ ᠮᠠᠭᠠᠳᠯᠠᠵᠤ᠂ ᠳᠠᠭᠠᠭᠠᠴᠢᠯᠠᠨ ᠡᠵᠡᠩᠨᠡᠬᠦ ᠡᠷᠬᠡ ᠪᠠᠷ ᠰᠠᠭᠤᠷᠢ ᠪᠣᠯᠭᠠᠨ᠂ ᠨᠠᠷᠢᠯᠢᠬᠵᠢᠭᠤᠯᠤᠭᠰᠠᠨ ᠡᠬᠡ ᠲᠠᠩᠰᠠ ᠪᠠ ᠵᠢᠷᠤᠭ ᠤᠨ ᠳᠡᠪᠲᠡᠷ ᠢ ᠪᠠᠶᠢᠭᠤᠯᠵᠤ᠂ ᠲᠠᠷᠢᠶᠠᠨ ᠭᠠᠵᠠᠷ ᠤᠨ ᠲᠣᠭᠠᠴᠢᠯᠠᠭᠰᠠᠨ ᠬᠠᠮᠢᠶᠠᠷᠤᠯᠲᠠ ᠶᠢ ᠪᠡᠶᠡᠯᠡᠭᠦᠯᠦᠨ᠂ ᠲᠣᠭᠤᠷᠢᠭ᠂ ᠪᠠᠯᠭᠠᠰᠤ᠂ ᠲᠣᠰᠬᠤᠨ᠂ ᠳᠤᠭᠤᠶᠢᠯᠠᠩ ᠤᠨ ᠭᠤᠯᠳᠤ ᠳᠥᠷᠪᠡᠨ ᠱᠠᠲᠤᠨ ᠤ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠬᠢᠨᠠᠨ ᠬᠡᠮᠵᠢᠯᠲᠡ ᠶᠢᠨ ᠰᠦᠯᠵᠢᠶᠡᠨ ᠤ ᠰᠢᠰᠲ᠋ᠧᠮ ᠢ ᠪᠦᠷᠢᠯᠳᠦᠭᠦᠯᠵᠦ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠣᠤᠷ ᠰᠦᠯᠵᠢᠶᠡᠨ ᠤ ᠲᠣᠭᠲᠠᠴᠠ ᠶᠢ ᠲᠡᠭᠦᠯᠳᠡᠷᠵᠢᠭᠦᠯᠪᠡ᠃
    ᠣᠶᠢᠯᠠᠭᠠᠭᠰᠠᠨ ᠢᠶᠠᠷ᠂ ᠬᠠᠶᠢᠷᠤᠪ ᠤᠨ ᠲᠣᠬᠤᠶ ᠲᠣᠭᠤᠷᠢᠭ ᠤᠨ ᠲᠠᠷᠢᠶᠠᠨ ᠭᠠᠵᠠᠷ ᠤᠨ ᠲᠠᠯᠠᠪᠠᠶ ᠨᠡᠶᠢᠲᠡ 2115.75 ᠾᠧᠺᠲ᠋ᠠᠷ ᠪᠠᠶᠢᠵᠤ᠂ ᠣᠳᠣᠬᠠᠨ ᠳᠤ ᠶᠠᠭ ᠲᠣᠰᠬᠤᠨ ᠤ ᠠᠷᠠᠳ ᠤᠨ ᠳᠤᠭᠤᠶᠢᠯᠠᠩ ᠤᠨ ᠵᠠᠭᠠᠭ ᠢ ᠲᠣᠭᠲᠠᠭᠠᠭᠰᠠᠨ ᠪᠥᠭᠡᠳ ᠲᠠᠷᠢᠶᠠᠨ ᠭᠠᠵᠠᠷ ᠤᠨ ᠬᠡᠷᠡᠭᠯᠡᠯᠲᠡ ᠶᠢᠨ ᠪᠠᠶᠢᠳᠠᠯ ᠢ ᠳᠠᠷᠠᠭᠠᠯᠠᠨ ᠪᠠᠶᠢᠴᠠᠭᠠᠵᠤ ᠪᠠᠶᠢᠨ᠎ᠠ᠃    ᠦᠬᠠᠶ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠬᠠᠶᠢᠷᠤᠪ ᠤᠨ ᠲᠣᠬᠤᠢ ᠶᠢᠨ ᠬᠤᠪᠢᠶᠠᠷᠢ ᠲᠣᠪᠴᠢᠶ᠎ᠠ ᠶᠢᠨ ᠠᠵᠢᠯᠲᠠᠨ ᠬᠤ᠋ ᠪᠥᠸᠧ ᠰᠤᠷᠪᠤᠯᠵᠢᠯᠠᠭᠴᠢ ᠳᠤ᠄ ︽ᠮᠠᠨ ᠤ ᠲᠣᠪᠴᠢᠶ᠎ᠠ ᠴᠡᠭᠡᠯ ᠠᠭᠤᠯᠠ ᠪᠠᠯᠭᠠᠰᠤ ᠪᠣᠯᠤᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ ᠲᠠᠢ ᠬᠠᠮᠲᠤᠷᠠᠨ ᠲᠠᠷᠢᠶᠠᠨ ᠭᠠᠵᠠᠷ ᠤᠨ ᠪᠥᠬᠦ ᠲᠠᠯ᠎ᠠ ᠶᠢᠨ᠂ ᠣᠯᠠᠨ ᠲᠠᠰ ᠳᠠᠪᠬᠤᠷᠭ᠎ᠠ ᠶᠢᠨ ᠲᠤᠭ᠎ᠠ ᠬᠡᠮᠵᠢᠶ᠎ᠡ᠂ ᠶᠠᠰᠤ ᠴᠢᠨᠠᠷ᠂ ᠬᠡᠷᠡᠭᠴᠡᠭᠡ᠂ ᠣᠳᠣᠬᠢ ᠪᠠᠶᠢᠳᠠᠯ ᠢ ᠲᠤᠬᠠᠶ ᠶᠢᠨ ᠭᠠᠵᠠᠷ ᠲᠤᠨᠢ ᠤᠶᠢᠯᠠᠭᠠᠨ ᠵᠢᠭᠰᠠᠭᠠᠵᠤ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠬᠠᠷᠢᠭᠤᠴᠠᠯᠭ᠎ᠠ ᠶᠢᠨ ᠭᠤᠤᠯ ᠴᠣᠭᠴᠠ ᠶᠢ ᠲᠣᠳᠣᠷᠬᠠᠶᠢᠯᠠᠨ᠂ ᠬᠠᠷᠢᠶ᠎ᠠ ᠭᠠᠵᠠᠷ ᠤᠨ ᠬᠠᠮᠢᠶᠠᠷᠤᠯᠲᠠ ᠶᠢ ᠠᠬᠢᠭᠤᠯᠵᠤ᠂ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠶᠢ ᠪᠠᠭᠠᠰᠬᠠᠬᠤ ᠥᠬᠡᠶ᠂ ᠶᠠᠰᠤ ᠴᠢᠨᠠᠷ ᠢ ᠪᠠᠭᠤᠷᠠᠭᠤᠯᠬᠤ ᠥᠬᠡᠶ ᠪᠠᠶᠢᠬᠤ ᠶᠢ ᠪᠠᠲᠤᠯᠠᠵᠤ᠂ ᠮᠠᠨ ᠤ ᠲᠤᠭᠤᠷᠢᠭ ᠤᠨ ᠲᠠᠷᠢᠶᠠᠯᠠᠩ ᠤᠨ ᠦᠷᠭᠦᠯᠵᠢᠯᠡᠬᠦ ᠬᠥᠭᠵᠢᠯᠲᠡ ᠶᠢ ᠦᠨᠡᠨ ᠬᠦ ᠪᠡᠶᠡᠯᠡᠭᠦᠯᠦᠨ᠎ᠡ︾ ᠭᠡᠵᠦ ᠬᠡᠯᠡᠪᠡ᠃    ᠲᠠᠷᠢᠶᠠᠨ ᠭᠠᠵᠠᠷ ᠢ ᠬᠠᠮᠠᠭᠠᠯᠠᠬᠤ ᠨᠢ ᠨᠢᠭᠡ ᠵᠦᠢᠯ ᠤᠨ ᠰᠢᠰᠲ᠋ᠧᠮᠲᠦ ᠢᠨᠵᠧᠨᠧᠷᠢᠩ ᠪᠣᠯᠤᠭᠰᠠᠨ ᠤ ᠬᠤᠪᠢ ᠳᠤ᠂ ᠲᠤᠭ᠎ᠠ ᠬᠡᠮᠵᠢᠶ᠎ᠡ ᠶᠠᠰᠤ ᠴᠢᠨᠠᠷ ᠢ ᠵᠡᠷᠭᠡ ᠪᠠᠷ ᠴᠢᠬᠤᠯᠠᠴᠢᠯᠠᠬᠤ᠂ ᠬᠠᠤᠯᠢ ᠶᠢ ᠴᠢᠩᠭ᠎ᠠ ᠬᠡᠷᠡᠭᠵᠢᠭᠦᠯᠬᠦ᠂ ᠰᠢᠰᠲ᠋ᠧᠮ ᠲᠠᠢ ᠠᠬᠢᠭᠤᠯᠬᠤ᠂ ᠡᠭᠦᠷᠢᠳᠡ ᠦᠷᠭᠦᠯᠵᠢᠯᠡᠨ ᠠᠰᠢᠭᠯᠠᠬᠤ ᠵᠡᠷᠭᠡ ᠴᠢᠬᠤᠯᠠ ᠶᠡᠭᠡ ᠱᠠᠭᠠᠷᠳᠠᠯᠭ᠎ᠠ ᠶᠢ ᠲᠤᠪᠤᠶᠢᠯᠭᠠᠨ ᠰᠠᠶᠢᠲᠤᠷ ᠡᠵᠡᠮᠳᠡᠵᠦ᠂ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠠᠷᠢᠶᠠᠨ ᠭᠠᠵᠠᠷ ᠤᠨ ᠶᠠᠰᠤ ᠴᠢᠨᠠᠷ ᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠲᠠᠷᠢᠶᠠᠨ ᠭᠠᠵᠠᠷ ᠤᠨ ︽ᠡᠵᠡᠯᠡᠬᠦ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ︾ ᠪᠠ ︽ᠣᠷᠣᠵᠤ ᠭᠠᠷᠬᠤ ᠶᠢ ᠲᠡᠩᠴᠡᠭᠦᠷᠢᠲᠡᠶ ᠪᠠᠶᠢᠯᠭᠠᠬᠤ︾ ᠠᠵᠢᠯ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠬᠠᠶᠢᠷᠤᠪ ᠤᠨ ᠲᠤᠬᠤᠢ ᠲᠣᠭᠤᠷᠢᠭ ᠤᠨ ᠬᠢᠨ ᠲᠠᠷᠢᠶᠠᠨ ᠭᠠᠵᠠᠷ ᠢ ᠬᠠᠮᠠᠭᠠᠯᠠᠬᠤ ᠠᠵᠢᠯ ᠢ ᠴᠢᠩᠭ᠎ᠠ ᠬᠦᠭ ᠠᠶᠠᠰ ᠢᠶᠠᠷ ᠠᠬᠢᠭᠤᠯᠵᠤ᠂ ᠰᠡᠳᠦᠪ ᠢ ᠢᠯᠡᠷᠡᠭᠦᠯᠬᠦ ᠠᠴᠠ ᠰᠡᠳᠦᠪ ᠢ ᠰᠢᠢᠳᠪᠦᠷᠢᠯᠡᠵᠦ᠂ ᠪᠠᠭ᠎ᠠ ᠢᠯᠠᠯᠲᠠ ᠶᠢ ᠬᠤᠷᠠᠮᠳᠤᠭᠤᠯᠤᠨ ᠶᠡᠭᠡ ᠢᠯᠠᠯᠲᠠ ᠪᠣᠯᠭᠠᠵᠤ᠂ ᠠᠮᠤ ᠪᠤᠳᠠᠭᠠᠨ ᠤ ᠠᠮᠤᠷ ᠲᠦᠪᠰᠢᠨ ᠤ ︽ᠲᠠᠷᠢᠶᠠᠯᠠᠬᠤ︾ ᠰᠠᠭᠤᠷᠢ ᠶᠢ ᠪᠦᠬᠦ ᠬᠦᠴᠦᠨ ᠢᠶᠠᠷ ᠢᠶᠠᠨ ᠪᠠᠬᠢᠵᠢᠭᠦᠯᠵᠦ᠂ ᠦᠵᠡᠰᠬᠦᠯᠡᠩᠲᠦ ᠰᠠᠶᠢᠬᠠᠨ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠪᠠᠷ ᠴᠢᠷᠮᠠᠶᠢᠵᠤ᠂ ᠦᠵᠡᠰᠬᠦᠯᠡᠩᠲᠦ ᠰᠠᠶᠢᠬᠠᠨ ᠬᠠᠶᠢᠷᠤᠪ ᠤᠨ ᠲᠤᠬᠤᠢ ᠶᠢᠨ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号