ᠰᠠᠶᠢᠨ ᠴᠢᠮᠡᠭᠡ︕ ᠠᠮᠵᠢᠯᠲᠠ ᠲᠠᠢ ᠭᠡᠷ᠎ᠡ ᠲᠣᠭᠲᠠᠪᠠ︕
ᠨᠡᠶᠢᠲᠡᠯᠡᠭᠰᠡᠨ ᠴᠠᠭ᠄
2024/5/13
    ᠣᠶᠢᠷ᠎ᠠ ᠳᠤ᠂ ᠬᠠᠶᠢᠷᠤᠪ ᠤᠨ ᠲᠣᠬᠤᠶ ᠲᠣᠭᠤᠷᠢᠭ ᠤᠨ ᠬᠢᠲᠠᠳ ᠡᠮᠨᠡᠯᠭᠡ ᠶᠢᠨ ᠬᠤᠷᠢᠶ᠎ᠠ ᠪᠣᠯᠤᠨ ᠴᠧᠩᠳᠦ᠋ ᠬᠢᠲᠠᠳ ᠡᠮ ᠡᠮᠨᠡᠯᠭᠡ ᠶᠢᠨ ᠶᠡᠭᠡ ᠰᠤᠷᠭᠠᠭᠤᠯᠢ ᠮᠡᠷᠭᠡᠵᠢᠯ ᠤᠨ ᠬᠠᠮᠲᠤᠷᠠᠯᠴᠠᠭᠠᠨ ᠤ ᠭᠡᠷ᠎ᠡ ᠲᠣᠭᠲᠠᠬᠤ ᠶᠣᠰᠣᠯᠠᠯ ᠶᠠᠪᠤᠭᠤᠯᠪᠠ᠃ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠼᠦᠢ ᠬᠤᠩ ᠪᠥᠸᠧ᠂ ᠴᠧᠩᠳᠦ᠋ ᠬᠢᠲᠠᠳ ᠡᠮ ᠡᠮᠨᠡᠯᠭᠡ ᠶᠢᠨ ᠶᠡᠭᠡ ᠰᠤᠷᠭᠠᠭᠤᠯᠢ᠂ ᠦᠬᠠᠶ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠠᠶᠢᠷᠤᠪ ᠤᠨ ᠲᠣᠬᠤᠢ ᠲᠣᠭᠤᠷᠢᠭ ᠤᠨ ᠬᠢᠲᠠᠳ ᠡᠮᠨᠡᠯᠭᠡ ᠶᠢᠨ ᠬᠤᠷᠢᠶ᠎ᠠ ᠵᠡᠷᠭᠡ ᠬᠠᠮᠢᠶ᠎ᠠ ᠪᠦᠬᠦᠢ ᠨᠢᠭᠡᠴᠡ ᠶᠢᠨ ᠭᠤᠤᠯ ᠤᠳᠤᠷᠢᠳᠤᠯᠭ᠎ᠠ ᠶᠣᠰᠣᠯᠠᠯ ᠳᠤ ᠣᠷᠣᠯᠴᠠᠪᠠ᠃
640.jpg   
    ᠬᠠᠶᠢᠷᠤᠪ ᠤᠨ ᠲᠤᠬᠤᠢ ᠲᠣᠭᠤᠷᠢᠭ ᠤᠨ ᠬᠢᠲᠠᠳ ᠡᠮᠨᠡᠯᠭᠡ ᠶᠢᠨ ᠬᠤᠷᠢᠶ᠎ᠠ ᠪᠣᠯᠤᠨ ᠴᠧᠩᠳᠦ᠋ ᠬᠢᠲᠠᠳ ᠡᠮ ᠡᠮᠨᠡᠯᠭᠡ ᠶᠢᠨ ᠶᠡᠭᠡ ᠰᠤᠷᠭᠠᠭᠤᠯᠢ ᠮᠡᠷᠭᠡᠵᠢᠯ ᠤᠨ ᠬᠠᠮᠲᠤᠷᠠᠯᠴᠠᠭᠠᠨ ᠤ ᠵᠥᠪᠯᠡᠯᠴᠡᠭᠡᠷ ᠲᠤ ᠠᠮᠵᠢᠯᠲᠠ ᠲᠠᠢ ᠭᠠᠷ ᠤᠨ ᠦᠰᠦᠭ ᠵᠢᠷᠤᠵᠤ᠂ ᠬᠤᠶᠠᠷ ᠲᠠᠯ᠎ᠠ ᠪᠠᠷ ᠢᠶᠠᠨ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠬᠦ ᠪᠠᠷ ᠬᠠᠮᠲᠤᠪᠠᠷ ᠴᠢᠷᠮᠠᠶᠢᠵᠤ᠂ ᠬᠢᠲᠠᠳ ᠡᠮ ᠡᠮᠨᠡᠯᠭᠡ ᠶᠢᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ᠡᠨᠡ ᠬᠦ ᠬᠠᠮᠲᠤᠷᠠᠯᠴᠠᠭ᠎ᠠ ᠨᠢ ᠬᠤᠶᠠᠷ ᠲᠠᠯ᠎ᠠ ᠪᠠᠷ ᠢᠶᠠᠨ ᠬᠢᠲᠠᠳ ᠡᠮ ᠡᠮᠨᠡᠯᠭᠡ ᠶᠢᠨ ᠬᠦᠷᠢᠶᠡᠨ ᠳᠤ ᠭᠦᠨᠵᠡᠭᠡᠢ ᠬᠠᠮᠲᠤᠷᠠᠯᠴᠠᠭ᠎ᠠ ᠯᠠᠪᠳᠠᠭᠤᠨ ᠪᠠᠲᠤᠲᠠᠢ ᠠᠯᠬᠤᠭᠰᠠᠨ ᠢ ᠬᠠᠷᠠᠭᠤᠯᠵᠤ ᠪᠠᠶᠢᠬᠤ ᠪᠠᠷ ᠪᠠᠷᠠᠬᠤ ᠦᠭᠡᠢ᠂ ᠬᠤᠶᠠᠷ ᠲᠠᠯ᠎ᠠ ᠪᠠᠷ ᠢᠶᠠᠨ ᠰᠢᠨᠵᠢᠯᠡᠬᠦ ᠤᠬᠠᠭᠠᠨ ᠤ ᠰᠤᠳᠤᠯᠭᠠᠨ ᠵᠢᠭᠠᠨ ᠰᠤᠷᠭᠠᠯᠲᠠ᠂ ᠭᠤᠣᠯᠳᠠᠯᠭ᠎ᠠ ᠲᠠᠢ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ᠂ ᠪᠠᠭᠰᠢ ᠵᠠᠯᠭᠠᠮᠵᠢᠯᠠᠨ ᠬᠠᠮᠲᠤᠷᠠᠯᠴᠠᠬᠤ᠂ ᠬᠢᠲᠠᠳ ᠡᠮᠨᠡᠯᠭᠡ ᠶᠢᠨ ᠲᠣᠬᠢᠷᠠᠮᠵᠢᠲᠠᠢ ᠮᠡᠷᠭᠡᠵᠢᠯ ᠤᠨ ᠪᠣᠯᠪᠠᠰᠤᠷᠠᠯ᠂ ᠲᠤᠰᠬᠠᠢ ᠮᠡᠷᠭᠡᠵᠢᠯᠲᠡᠨ ᠵᠢᠭᠠᠨ ᠰᠤᠷᠭᠠᠯᠲᠠ ᠬᠢᠬᠦ ᠵᠡᠷᠭᠡ 5 ᠲᠠᠯ᠎ᠠ ᠪᠠᠷ ᠬᠠᠮᠲᠤᠷᠠᠯᠴᠠᠭ᠎ᠠ ᠬᠢᠬᠦ ᠪᠣᠯᠤᠨ᠎ᠠ᠃ ᠴᠧᠩᠳᠦ᠋ ᠬᠢᠲᠠᠳ ᠡᠮ ᠡᠮᠨᠡᠯᠭᠡ ᠶᠢᠨ ᠶᠡᠭᠡ ᠰᠤᠷᠭᠠᠭᠤᠯᠢ ᠶᠢᠨ ᠲᠤᠰᠬᠠᠶ ᠮᠡᠷᠭᠡᠵᠢᠯᠲᠡᠨ ᠤ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠵᠢᠭᠠᠨ ᠰᠤᠷᠭᠠᠯᠲᠠ ᠶᠢᠨ ᠬᠢᠴᠢᠶᠡᠯ᠂ ᠰᠢᠨᠵᠢᠯᠡᠬᠦ ᠤᠬᠠᠭᠠᠨ ᠤ ᠰᠤᠳᠤᠯᠭᠠᠨ ᠤ ᠵᠢᠯᠣᠭᠤᠳᠣᠯᠭ᠎ᠠ ᠵᠡᠷᠭᠡ ᠳᠤ ᠲᠦᠰᠢᠭᠯᠡᠨ᠂ ᠬᠠᠶᠢᠷᠤᠪ ᠤᠨ ᠲᠣᠬᠤᠶ ᠲᠣᠭᠤᠷᠢᠭ ᠤᠨ ᠰᠠᠭᠤᠭᠠᠯᠢ ᠠᠷᠠᠳ ᠲᠤ ᠬᠡᠷ ᠤᠨ ᠡᠭᠦᠳᠡᠨ ᠳᠤ ᠪᠠᠨ ᠳᠠᠷᠤᠶ ᠪᠥᠬᠦ ᠤᠯᠤᠰ ᠤᠨ ᠨᠠᠷᠠᠲᠤ ᠠᠬᠠᠮᠠᠳ ᠬᠢᠲᠠᠳ ᠡᠮ ᠡᠮᠨᠡᠯᠭᠡ ᠶᠢᠨ ᠲᠤᠰᠬᠠᠶ ᠮᠡᠷᠭᠡᠵᠢᠯᠲᠡᠨ ᠤ ᠰᠢᠯᠢᠳᠡᠭ ᠣᠨᠣᠰᠢᠯᠠᠨ ᠡᠮᠨᠡᠬᠦ ᠤᠶᠢᠯᠡᠴᠢᠯᠡᠭᠡ ᠶᠢ ᠬᠦᠷᠲᠡᠭᠡᠨ᠎ᠡ︔ ᠰᠠᠯᠠᠭ᠎ᠠ ᠲᠠᠰᠤᠭ ᠤᠨ ᠬᠠᠮᠢᠶᠠᠷᠤᠯᠲᠠ᠂ ᠡᠮᠴᠢᠯᠡᠭᠡᠨ ᠤ ᠶᠠᠰᠤ ᠴᠢᠨᠠᠷ ᠤᠨ ᠡᠵᠡᠮᠳᠡᠯ᠂ ᠡᠮᠴᠢᠯᠡᠭᠡᠨ ᠤ ᠣᠨᠣᠰᠢᠯᠠᠨ ᠡᠮᠨᠡᠬᠦ ᠵᠡᠷᠭᠡ ᠲᠠᠯ᠎ᠠ ᠪᠠᠷ ᠠᠳᠠᠯᠢ ᠴᠢᠨᠠᠷᠲᠠᠶ ᠬᠠᠮᠢᠶᠠᠷᠤᠯᠲᠠ ᠶᠢ ᠪᠡᠶᠡᠯᠡᠭᠦᠯᠵᠦ᠂ ᠬᠠᠶᠢᠷᠤᠪ ᠤᠨ ᠲᠣᠬᠤᠶ ᠲᠣᠭᠤᠷᠢᠭ ᠤᠨ ᠬᠢᠲᠠᠳ ᠡᠮᠨᠡᠯᠭᠡ ᠶᠢᠨ ᠬᠤᠷᠢᠶᠠᠨ ᠤ ᠡᠷᠡᠭᠦᠯᠵᠢᠯ ᠤᠨ ᠲᠤᠰᠬᠠᠶ ᠰᠠᠯᠠᠭᠠᠨ ᠤ ᠪᠠᠶᠢᠭᠤᠯᠤᠯᠲᠠ᠂ ᠰᠠᠯᠠᠭ᠎ᠠ ᠲᠠᠰᠤᠭ ᠤᠨ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ᠂ ᠴᠢᠳᠠᠪᠤᠷᠢᠲᠠᠨ ᠤ ᠱᠠᠲᠤᠯᠢᠭ ᠡᠩᠨᠡᠭᠡ ᠶᠢ ᠬᠥᠮᠦᠵᠢᠭᠦᠯᠬᠦ᠂ ᠭᠤᠤᠯᠯᠠᠭᠴᠢ ᠬᠦᠴᠦᠨ ᠢ ᠬᠥᠮᠦᠵᠢᠭᠦᠯᠬᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠵᠢᠯᠣᠭᠤᠳᠣᠯᠭ᠎ᠠ ᠵᠡᠷᠭᠡ ᠲᠠᠯ᠎ᠠ ᠪᠠᠷ ᠢᠳᠡᠪᠬᠢᠲᠡᠶ ᠠᠬᠢᠭᠤᠯᠬᠤ ᠤᠶᠢᠯᠡᠳᠤᠯ ᠦᠵᠡᠭᠦᠯᠵᠦ᠂ ᠬᠠᠶᠢᠷᠤᠪ ᠤᠨ ᠲᠣᠬᠤᠶ ᠲᠣᠭᠤᠷᠢᠭ ᠤᠨ ᠬᠢᠲᠠᠳ ᠡᠮᠨᠡᠯᠭᠡ ᠶᠢᠨ ᠬᠤᠷᠢᠶᠠᠨ ᠤ ᠬᠢᠲᠠᠳ ᠡᠮ ᠡᠮᠨᠡᠯᠭᠡ ᠶᠢᠨ ᠤᠶᠢᠯᠡᠴᠢᠯᠡᠭᠡᠨ ᠤ ᠴᠢᠳᠠᠪᠤᠷᠢ ᠪᠠ ᠬᠢᠲᠠᠳ ᠡᠮ ᠡᠮᠨᠡᠯᠭᠡ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠦᠨ᠎ᠡ᠃    ᠬᠠᠶᠢᠷᠤᠪ ᠤᠨ ᠲᠤᠬᠤᠢ ᠲᠣᠭᠤᠷᠢᠭ ᠤᠨ ᠬᠢᠲᠠᠳ ᠡᠮᠨᠡᠯᠭᠡ ᠶᠢᠨ ᠬᠤᠷᠢᠶ᠎ᠠ ᠶᠢᠨ ᠬᠢᠨ ᠴᠧᠩᠳᠦ᠋ ᠬᠢᠲᠠᠳ ᠡᠮ ᠡᠮᠨᠡᠯᠭᠡ ᠶᠢᠨ ᠶᠡᠭᠡ ᠰᠤᠷᠭᠠᠭᠤᠯᠢ ᠶᠢᠨ ᠲᠤᠰᠬᠠᠢ ᠮᠡᠷᠭᠡᠵᠢᠯᠲᠡᠨ ᠤ ᠡᠬᠢ ᠪᠠᠶᠠᠯᠢᠭ ᠪᠣᠯᠤᠨ ᠮᠡᠷᠭᠡᠵᠢᠯ ᠤᠨ ᠳᠠᠪᠠᠭᠤᠯᠢᠭ ᠲᠤ ᠲᠦᠰᠢᠭᠯᠡᠵᠦ᠂ ᠡᠮᠨᠡᠯᠭᠡ ᠶᠢᠨ ᠬᠤᠷᠢᠶᠠᠨ ᠤ ᠬᠢᠲᠠᠳ ᠡᠮ ᠡᠮᠨᠡᠯᠭᠡ ᠶᠢᠨ ᠣᠨᠣᠰᠢᠯᠠᠨ ᠡᠮᠨᠡᠬᠦ ᠲᠦᠪᠰᠢᠨ ᠪᠣᠯᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠲᠤᠰ ᠤᠳᠠᠭ᠎ᠠ ᠶᠢᠨ ᠬᠠᠮᠲᠤᠷᠠᠯᠴᠠᠭ᠎ᠠ ᠨᠢ ᠬᠢᠲᠠᠳ ᠡᠮ ᠡᠮᠨᠡᠯᠭᠡ ᠶᠢᠨ ᠦᠢᠯᠡᠰ ᠤᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠦ᠂ ᠨᠢᠭᠲᠠ ᠬᠠᠮᠲᠤᠷᠠᠯᠴᠠᠬᠤ ᠨᠢ ᠬᠢᠲᠠᠳ ᠡᠮ ᠡᠮᠨᠡᠯᠭᠡ ᠶᠢᠨ ᠦᠢᠯᠡᠰ ᠤᠨ ᠤᠯᠠᠮᠵᠢᠯᠠᠯ ᠪᠣᠯᠤᠨ ᠰᠢᠨ᠎ᠡ ᠶᠢ ᠡᠭᠦᠳᠬᠦ ᠶᠢ ᠬᠦᠴᠦᠲᠡᠢ ᠠᠬᠢᠭᠤᠯᠵᠤ᠂ ᠬᠢᠲᠠᠳ ᠡᠮᠨᠡᠯᠭᠡ ᠶᠢᠨ ᠡᠷᠡᠭᠦᠯᠵᠢᠯ ᠤᠨ ᠲᠤᠰᠬᠠᠢ ᠮᠡᠷᠭᠡᠵᠢᠯ ᠤᠨ ᠦᠢᠯᠡᠴᠢᠯᠡᠭᠡᠨ ᠤ ᠲᠦᠪᠰᠢᠨ ᠪᠣᠯᠤᠨ ᠴᠢᠨᠠᠷ ᠰᠠᠶᠢᠲᠠᠢ ᠬᠥᠭᠵᠢᠯᠲᠡ ᠶᠢ ᠳᠡᠭᠡᠭᠰᠢᠯᠡᠭᠦᠯᠦᠭᠰᠡᠨ ᠪᠥᠭᠡᠳ ᠬᠠᠶᠢᠷᠤᠪ ᠤᠨ ᠲᠤᠬᠤᠢ ᠲᠣᠭᠤᠷᠢᠭ ᠴᠢᠨᠠᠭᠰᠢᠯᠠᠪᠠᠯ ᠨᠡᠩ ᠥᠷᠭᠡᠨ ᠣᠷᠣᠨ ᠪᠦᠰᠡ ᠶᠢᠨ ᠰᠠᠭᠤᠭᠠᠯᠢ ᠠᠷᠠᠳ ᠲᠤ ᠨᠡᠩ ᠰᠢᠯᠢᠳᠡᠭ ᠬᠢᠲᠠᠳ ᠡᠮ ᠡᠮᠨᠡᠯᠭᠡ ᠶᠢᠨ ᠦᠢᠯᠡᠴᠢᠯᠡᠭᠡ ᠶᠢ ᠠᠪᠴᠢᠷᠠᠭᠰᠠᠨ ᠪᠠᠶᠢᠨ᠎ᠠ᠃ ᠬᠠᠶᠢᠷᠤᠪ ᠤᠨ ᠲᠤᠬᠤᠢ ᠲᠣᠭᠤᠷᠢᠭ ᠤᠨ ᠬᠢᠨ ᠬᠢᠲᠠᠳ ᠡᠮ ᠡᠮᠨᠡᠯᠭᠡ ᠶᠢᠨ ᠰᠣᠶᠣᠯ ᠢ ᠢᠳᠡᠪᠬᠢᠲᠡᠢ ᠳᠡᠯᠭᠡᠷᠡᠭᠦᠯᠵᠦ᠂ ᠰᠠᠭᠤᠭᠠᠯᠢ ᠠᠷᠠᠳ ᠤᠨ ᠬᠢᠲᠠᠳ ᠡᠮ ᠡᠮᠨᠡᠯᠭᠡ ᠶᠢᠨ ᠲᠤᠬᠠᠢ ᠲᠠᠨᠢᠯᠲᠠ ᠶᠢᠨ ᠬᠡᠮᠵᠢᠶ᠎ᠡ ᠪᠣᠯᠤᠨ ᠢᠲᠡᠭᠡᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠬᠤᠶᠠᠷ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ᠂ ᠬᠢᠲᠠᠳ ᠡᠮ ᠡᠮᠨᠡᠯᠭᠡ ᠶᠢᠨ ᠦᠢᠯᠡᠰ ᠨᠡᠩ ᠥᠷᠭᠡᠨ ᠠᠭᠤᠳᠠᠮ ᠬᠥᠭᠵᠢᠯᠲᠡ ᠶᠢᠨ ᠢᠷᠡᠭᠡᠳᠦᠢ ᠶᠢ ᠤᠭᠲᠤᠨ ᠠᠪᠴᠢᠷᠠᠵᠤ᠂ ᠬᠢᠲᠠᠳ ᠡᠮ ᠡᠮᠨᠡᠯᠭᠡ ᠶᠢᠨ ᠦᠢᠯᠡᠰ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠬᠠᠮᠲᠤᠪᠠᠷ ᠡᠭᠦᠳᠬᠦ ᠪᠣᠯᠤᠨ᠎ᠠ ᠭᠡᠵᠦ ᠢᠲᠡᠭᠡᠵᠦ ᠪᠠᠶᠢᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号