ᠡᠪ ᠬᠠᠮᠲᠤ ᠵᠠᠯᠠᠭᠤᠴᠤᠳ ᠤᠨ ᠡᠪᠯᠡᠯ ᠤᠨ ᠬᠠᠶᠢᠷᠤᠪ ᠤᠨ ᠲᠤᠬᠤᠢ ᠲᠣᠭᠤᠷᠢᠭ ᠤᠨ ᠵᠢᠷᠭᠤᠳᠤᠭᠠᠷ ᠬᠤᠭᠤᠴᠠᠭᠠᠨ ᠤ ᠬᠤᠷᠢᠶᠠᠨ ᠤ ᠬᠤᠶᠠᠳᠤᠭᠠᠷ ᠪᠦᠬᠦᠳᠡ ︵ᠥᠷᠭᠡᠳᠬᠡᠭᠰᠡᠨ︶ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/5/13
    5 ᠰᠠᠷ᠎ᠠ ᠶᠢᠨ 11᠎ ᠤ ᠡᠳᠦᠷ᠂ ᠡᠪ ᠬᠠᠮᠲᠤ ᠵᠠᠯᠠᠭᠤᠴᠤᠳ ᠤᠨ ᠡᠪᠯᠡᠯ ᠤᠨ ᠬᠠᠶᠢᠷᠤᠪ ᠤᠨ ᠲᠤᠬᠤᠢ ᠲᠣᠭᠤᠷᠢᠭ ᠤᠨ ᠵᠢᠷᠭᠤᠳᠤᠭᠠᠷ ᠬᠤᠭᠤᠴᠠᠭᠠᠨ ᠤ ᠬᠤᠷᠢᠶᠠᠨ ᠤ ᠬᠤᠶᠠᠳᠤᠭᠠᠷ ᠪᠦᠬᠦᠳᠡ ︵ᠥᠷᠭᠡᠳᠬᠡᠭᠰᠡᠨ︶ ᠬᠤᠷᠠᠯ ᠤᠷᠤᠭᠰᠢᠲᠠᠢ ᠬᠤᠷᠠᠯᠳᠤᠪᠠ᠃ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠸᠠᠩ ᠵᠢᠤᠸᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃
640.jpg   
    ᠬᠤᠷᠠᠯ ᠠᠴᠠ ᠨᠠᠮ ᠤᠨ ᠲᠥᠪ ᠬᠤᠷᠢᠶᠠᠨ ᠤ ᠱᠦᠵᠢ ᠨᠡᠷ ᠤᠨ ᠵᠢᠭᠠᠪᠤᠷᠢ ᠶᠢᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠤᠳᠠᠭ᠎ᠠ ᠶᠢᠨ ᠡᠪᠯᠡᠯ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ᠂ ᠡᠪ ᠬᠠᠮᠲᠤ ᠵᠠᠯᠠᠭᠤᠴᠤᠳ ᠤᠨ ᠡᠪᠯᠡᠯ ᠤᠨ ᠦᠬᠠᠢ ᠬᠤᠳᠠ ᠶᠢᠨ ᠶᠢᠰᠦᠳᠦᠭᠡᠷ ᠬᠤᠭᠤᠴᠠᠭᠠᠨ ᠤ ᠬᠤᠷᠢᠶᠠᠨ ᠤ ᠵᠢᠷᠭᠤᠳᠤᠭᠠᠷ ᠪᠦᠬᠦᠳᠡ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ 2023 ᠣᠨ ᠤ ᠬᠠᠶᠢᠷᠤᠪ ᠤᠨ ᠲᠤᠬᠤᠢ ᠲᠣᠭᠤᠷᠢᠭ ᠤᠨ ᠡᠪ ᠬᠠᠮᠲᠤ ᠵᠠᠯᠠᠭᠤᠴᠤᠳ ᠤᠨ ᠡᠪᠯᠡᠯ ᠤᠨ ᠠᠵᠢᠯ ᠢ ᠡᠷᠭᠢᠴᠡᠭᠦᠯᠦᠨ ᠳ᠋ᠦᠩᠨᠡᠵᠦ᠂ 2024 ᠣᠨ ᠤ ᠬᠠᠶᠢᠷᠤᠪ ᠤᠨ ᠲᠤᠬᠤᠢ ᠲᠣᠭᠤᠷᠢᠭ ᠤᠨ ᠡᠪ ᠬᠠᠮᠲᠤ ᠵᠠᠯᠠᠭᠤᠴᠤᠳ ᠤᠨ ᠡᠪᠯᠡᠯ ᠤᠨ ᠠᠵᠢᠯ ᠤᠨ ᠡᠭᠦᠷᠭᠡ ᠶᠢ ᠲᠥᠯᠥᠪᠵᠢᠭᠦᠯᠦᠨ ᠪᠠᠶᠢᠷᠢᠯᠠᠭᠤᠯᠪᠠ︔ ︽ᠬᠠᠶᠢᠷᠤᠪ ᠤᠨ ᠲᠤᠬᠤᠢ ᠲᠣᠭᠤᠷᠢᠭ ᠤᠨ ᠡᠪ ᠬᠠᠮᠲᠤ ᠵᠠᠯᠠᠭᠤᠴᠤᠳ ᠤᠨ ᠡᠪᠯᠡᠯ ᠤᠨ 2024 ᠣᠨ ᠤ ᠠᠵᠢᠯ ᠤᠨ ᠭᠤᠣᠯᠳᠠᠯᠭ᠎ᠠ ︵ᠲᠥᠰᠦᠯ︶︾᠎ ᠶᠢ ᠬᠢᠨᠠᠨ ᠵᠥᠪᠯᠡᠵᠦ ᠪᠠᠲᠤᠯᠠᠪᠠ︔ ︽ᠡᠪ ᠬᠠᠮᠲᠤ ᠵᠠᠯᠠᠭᠤᠴᠤᠳ ᠤᠨ ᠡᠪᠯᠡᠯ ᠤᠨ ᠬᠠᠶᠢᠷᠤᠪ ᠤᠨ ᠲᠤᠬᠤᠢ ᠲᠣᠭᠤᠷᠢᠭ ᠤᠨ ᠵᠢᠷᠭᠤᠳᠤᠭᠠᠷ ᠬᠤᠭᠤᠴᠠᠭᠠᠨ ᠤ ᠬᠤᠷᠢᠶᠠᠨ ᠤ ᠬᠤᠶᠠᠳᠤᠭᠠᠷ ᠪᠦᠬᠦᠳᠡ ᠬᠤᠷᠠᠯ ᠤᠨ ᠵᠢᠷᠭᠤᠳᠤᠭᠠᠷ ᠬᠤᠭᠤᠴᠠᠭᠠᠨ ᠤ ᠬᠤᠷᠢᠶᠠᠨ ᠤ ᠭᠡᠰᠢᠭᠦᠨ᠂ ᠣᠷᠣᠯᠠᠭᠴᠢ ᠭᠡᠰᠢᠭᠦᠨ ᠤ ᠲᠤᠰᠢᠶᠠᠯ ᠠᠴᠠ ᠪᠠᠨ ᠪᠠᠭᠤᠬᠤ ᠶᠢ ᠨᠤᠲᠠᠯᠠᠬᠤ ᠲᠥᠰᠦᠯ︾᠎ ᠢ ᠤᠩᠰᠢᠨ ᠨᠡᠶᠢᠲᠡᠯᠡᠪᠡ᠃
640 (2).jpg   
    ᠸᠠᠩ ᠵᠢᠤᠸᠠᠨ᠂ ᠪᠦᠬᠦ ᠵᠢᠯ ᠤᠨ ᠡᠪ ᠬᠠᠮᠲᠤ ᠵᠠᠯᠠᠭᠤᠴᠤᠳ ᠤᠨ ᠡᠪᠯᠡᠯ ᠤᠨ ᠠᠵᠢᠯ ᠢ ᠰᠠᠶᠢᠲᠤᠷ ᠬᠢᠬᠦ ᠨᠢ ᠠᠯᠤᠰ ᠬᠡᠲᠦ ᠶᠢᠨ ᠠᠴᠢ ᠬᠤᠯᠪᠣᠭᠳᠠᠯ ᠲᠠᠢ ᠪᠥᠭᠡᠳ ᠬᠠᠷᠢᠭᠤᠴᠠᠯᠭ᠎ᠠ ᠬᠦᠨᠳᠦ ᠶᠡᠭᠡ ᠶᠤᠮ᠂ ᠵᠠᠯᠠᠭᠤᠴᠤᠳ ᠤᠨ ᠦᠵᠡᠯ ᠰᠠᠨᠠᠭ᠎ᠠ ᠤᠯᠤᠰ ᠲᠥᠷᠥ ᠪᠠᠷ ᠬᠥᠲᠥᠯᠥᠨ ᠳᠠᠭᠠᠭᠤᠯᠬᠤ ᠶᠢ ᠦᠷᠭᠦᠯᠵᠢᠯᠡᠨ ᠰᠠᠶᠢᠲᠤᠷ ᠬᠢᠵᠦ᠂ ᠨᠠᠮ ᠤᠨ ᠲᠥᠯᠥᠭᠡ ᠦᠨᠳᠦᠰᠦᠲᠡᠨ ᠤ ᠰᠡᠷᠭᠦᠨ ᠮᠠᠨᠳᠤᠯᠲᠠ ᠶᠢᠨ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠬᠦ ᠴᠠᠭ ᠦᠶ᠎ᠡ ᠶᠢᠨ ᠰᠢᠨ᠎ᠡ ᠬᠥᠮᠦᠨ ᠢ ᠨᠡᠩ ᠣᠯᠠᠨ ᠬᠥᠮᠦᠵᠢᠭᠦᠯᠬᠦ ᠬᠡᠷᠡᠭᠲᠡᠶ︔ ᠡᠪᠯᠡᠯ ᠤᠨ ᠠᠵᠢᠯ ᠤᠨ ᠭᠤᠣᠯ ᠶᠡᠭᠡ ᠲᠠᠯ᠎ᠠ ᠳᠤ ᠦᠢᠯᠡᠴᠢᠯᠡᠵᠦ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠲᠡᠷᠢᠭᠦᠨ ᠤ ᠬᠢ ᠶᠢ ᠲᠡᠮᠡᠴᠡᠨ ᠰᠢᠯᠢᠳᠡᠭ ᠢ ᠡᠭᠦᠳᠴᠦ᠂ ᠪᠦᠯᠬᠦᠮᠳᠡᠨ ᠲᠡᠮᠡᠴᠡᠬᠦ ᠶᠢ ᠠᠬᠢᠭᠤᠯᠬᠤ ᠬᠡᠷᠡᠭᠲᠡᠢ︔ ᠵᠠᠯᠠᠭᠤᠴᠤᠳ ᠤᠨ ᠠᠵᠢᠯ ᠤᠨ ᠦᠢᠯᠡᠴᠢᠯᠡᠭᠡᠨ ᠤ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠵᠠᠯᠠᠭᠤᠴᠤᠳ ᠤᠨ ᠬᠤᠲᠠ ᠳᠠᠬᠢ ᠠᠮᠢᠳᠤᠷᠠᠯ ᠤᠨ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ︔ ᠡᠪᠯᠡᠯ ᠤᠨ ᠬᠤᠷᠢᠶ᠎ᠠ ᠶᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠦᠨ ᠠᠬᠢᠭᠤᠯᠵᠤ᠂ ᠰᠥᠰᠥ ᠵᠣᠷᠢᠭ᠂ ᠲᠥᠪ ᠰᠤᠷᠲᠠᠯ ᠢ ᠡᠭᠦᠷᠢᠳᠡ ᠪᠠᠲᠤᠯᠠᠵᠤ᠂ ᠰᠠᠶᠢᠨ ᠰᠠᠶᠢᠬᠠᠨ ᠲᠦᠷᠢ ᠲᠥᠷᠬᠦ ᠪᠣᠯᠤᠨ ᠪᠣᠳᠠᠲᠠᠢ ᠶᠢ ᠡᠷᠬᠢᠮᠯᠡᠬᠦ ᠰᠤᠷᠲᠠᠯ ᠢᠶᠠᠷ ᠨᠠᠮ ᠤᠨ ᠦᠢᠯᠡᠰ ᠤᠨ ᠲᠥᠯᠥᠭᠡ ᠵᠠᠯᠠᠭᠤᠴᠤᠳ ᠤᠨ ᠬᠦᠴᠦᠨ ᠢ ᠨᠢᠭᠲᠠᠷᠠᠭᠤᠯᠬᠤ ᠬᠡᠷᠡᠭᠲᠡᠢ ᠭᠡᠵᠦ ᠬᠡᠯᠡᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号