ᠬᠠᠶᠢᠷᠤᠪ ᠤᠨ ᠲᠤᠬᠤᠢ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 121 ᠳ᠋ᠤᠭᠡᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠵᠢᠴᠢ ᠲᠤᠭᠤᠷᠢᠭ ᠤᠨ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠲᠤᠭᠤᠷᠢᠭ ᠢᠶᠠᠨ ᠵᠠᠰᠠᠬᠤ ᠬᠤᠷᠢᠶᠠᠨ ᠤ ᠳᠥᠷᠪᠡᠳᠦᠭᠡᠷ ᠤᠳᠠᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/5/13
    ᠣᠶᠢᠷ᠎ᠠ ᠳᠤ᠂ ᠬᠠᠶᠢᠷᠤᠪ ᠤᠨ ᠲᠣᠬᠤᠶ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 121 ᠳ᠋ᠦ᠋ᠭᠡᠷ ᠤᠳᠠᠭᠠᠨ ᠤ ︵ᠥᠷᠭᠡᠳᠬᠡᠭᠰᠡᠨ︶ ᠬᠤᠷᠠᠯ ᠵᠢᠴᠢ ᠲᠤᠭᠤᠷᠢᠭ ᠤᠨ ᠨᠠᠮ ᠤᠨ ᠬᠤᠷᠢᠶᠠᠨ ᠤ ᠪᠥᠬᠦ ᠲᠠᠯ᠎ᠠ ᠪᠠᠷ ᠬᠠᠤᠯᠢ ᠪᠠᠷ ᠲᠤᠭᠤᠷᠢᠭ ᠢᠶᠠᠨ ᠵᠠᠰᠠᠬᠤ ᠬᠤᠷᠢᠶᠠᠨ ᠤ ᠳᠥᠷᠪᠡᠳᠦᠭᠡᠷ ᠤᠳᠠᠭᠠᠨ ᠤ ᠬᠤᠷᠠᠯ᠂ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠤ ᠲᠤᠬᠠᠶ ᠶᠢᠨ ᠲᠠᠯᠠᠪᠠᠶ ᠳᠤ ᠬᠠᠤᠯᠢ ᠲᠤᠭᠠᠴᠢᠬᠤ ᠬᠤᠷᠠᠯ ᠬᠤᠷᠠᠯᠳᠤᠪᠠ᠃ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠦᠨ ᠬᠤᠤ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃    ᠬᠤᠷᠠᠯ ᠠᠴᠠ 4 ᠰᠠᠷ᠎ᠠ ᠶᠢᠨ 30᠎ ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠭᠤᠸᠠᠩᠳᠦ᠋ᠩ ᠤᠨ ᠮᠧᠶ ᠳ᠋ᠠ ᠲᠦᠷᠭᠡᠨ  ᠵᠠᠰᠠᠮᠠᠯ ᠵᠠᠮ ᠤᠨ ᠼᠠᠨᠶᠠᠩ ᠤᠨ ᠭᠠᠶ ᠭᠠᠮᠰᠢᠭ ᠤᠨ ᠲᠤᠬᠠᠶ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠪᠥᠬᠦ ᠤᠯᠤᠰ ᠤᠨ ᠥᠷᠭᠡᠨ ᠣᠯᠠᠨ ᠬᠥᠳᠡᠯᠮᠦᠷᠢᠴᠢᠳ ᠲᠤ ᠪᠠᠶᠠᠷ ᠤᠨ ᠡᠳᠦᠷ ᠤᠨ ᠪᠠᠶᠠᠷ ᠬᠦᠷᠭᠡᠭᠰᠡᠨ ᠪᠠ ᠲᠣᠬᠤᠨᠢᠭᠤᠯᠬᠤ ᠵᠣᠷᠢᠭ ᠰᠠᠨᠠᠭ᠎ᠠ᠂ ᠰᠢᠨ᠎ᠡ ᠴᠠᠭ ᠦᠶ᠎ᠡ ᠶᠢᠨ ᠵᠠᠯᠠᠭᠤᠴᠤᠳ ᠲᠤ ᠥᠭᠭᠦᠭᠰᠡᠨ ᠦᠭᠡ ᠶᠠᠷᠢᠶᠠᠨ ᠤ ᠵᠣᠷᠢᠭ ᠰᠠᠨᠠᠭ᠎ᠠ ᠪᠠ ︽ᠦᠨᠡᠨ︾ ᠰᠡᠳᠬᠦᠯ ᠳᠡᠭᠡᠷ᠎ᠡ ᠶᠡᠷᠦᠩᠬᠡᠶ ᠱᠦᠵᠢ ᠰᠢ ᠶᠢᠨ ᠫᠢᠩ ᠤᠨ ︽ᠲᠦᠮᠡᠨ ᠠᠵᠢᠯᠲᠠᠨ ᠢ ᠵᠣᠬᠢᠶᠠᠨ ᠪᠠᠶᠢᠭᠤᠯᠤᠨ ᠳᠠᠶᠢᠴᠢᠯᠠᠵᠤ ᠤᠯᠤᠰ ᠢᠶᠠᠨ ᠬᠦᠴᠦᠷᠬᠡᠭᠵᠢᠭᠦᠯᠬᠦ ᠪᠥᠲᠥᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠶᠡᠭᠡ ᠤᠶᠢᠯᠡᠰ ᠲᠤ ᠢᠳᠡᠪᠬᠢᠲᠡᠶ ᠣᠷᠣᠯᠴᠠᠭᠤᠯᠤᠨ᠎ᠠ︾᠂ ︽ᠰᠦᠨ ᠱᠣᠤ ᠴᠧᠩ ᠨᠥᠬᠦᠷ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2024 ᠣᠨ ᠤ 4 ᠳ᠋ᠦ᠋ᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠤ ᠢᠳᠡᠪᠬᠢᠲᠡᠶ ᠣᠷᠣᠯᠴᠠᠬᠤ ᠦᠶ᠎ᠡ ᠶᠢᠨ ᠶᠠᠷᠢᠶ᠎ᠠ︾᠂ ᠥᠪᠡᠷᠲᠡᠭᠡᠨ ᠵᠠᠰᠠᠬᠤ ᠣᠷᠣᠨ ᠤ ᠬᠠᠲᠤᠨ ᠭᠤᠤᠯ ᠤᠨ ︽几 ᠦᠰᠦᠭ  ᠲᠤᠬᠤᠢ︾ ᠰᠢᠪᠲᠤᠯᠤᠯᠲᠠ ᠶᠢᠨ ᠳᠠᠶᠢᠯᠠᠯᠳᠤᠭᠠᠨ ᠪᠠ ᠴᠢᠨᠠᠷ ᠰᠠᠶᠢᠲᠠᠶ ᠬᠥᠭᠵᠢᠯᠲᠡ ᠶᠢᠨ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ᠂ ᠯᠢ ᠢᠦᠶ ᠭᠠᠩ ᠨᠥᠬᠦᠷ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠭᠤᠤᠯᠳᠠᠯᠭ᠎ᠠ ᠲᠠᠢ ᠡᠭᠦᠷᠭᠡ ᠶᠢ ᠠᠬᠢᠭᠤᠯᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠵᠡᠷᠭᠡ ᠠᠭᠤᠯᠭ᠎ᠠ ᠶᠢ ᠤᠯᠠᠮᠵᠢᠯᠠᠪᠠ︔ ︽ᠲᠤᠭᠤᠷᠢᠭ ᠤᠨ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠲᠤᠭᠤᠷᠢᠭ ᠢᠶᠠᠨ ᠵᠠᠰᠠᠬᠤ ᠬᠤᠷᠢᠶᠠᠨ ᠤ ᠬᠡᠷᠡᠭ ᠵᠦᠪᠯᠡᠵᠦ ᠵᠣᠬᠢᠴᠠᠭᠤᠯᠬᠤ ᠠᠵᠢᠯ ᠤᠨ ᠲᠦᠷᠢᠮ ︵ᠵᠠᠰᠠᠪᠤᠷᠢ ᠣᠷᠣᠭᠤᠯᠤᠭᠰᠠᠨ ᠨᠤᠤᠷᠠᠭ︶︾ ︽ᠲᠤᠭᠤᠷᠢᠭ ᠤᠨ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠲᠤᠭᠤᠷᠢᠭ ᠢᠶᠠᠨ ᠵᠠᠰᠠᠬᠤ ᠬᠤᠷᠢᠶᠠᠨ ᠤ ᠠᠯᠪᠠᠨ ᠭᠡᠷ ᠤᠨ ᠬᠡᠷᠡᠭ ᠵᠦᠪᠯᠡᠵᠦ ᠵᠣᠬᠢᠴᠠᠭᠤᠯᠬᠤ ᠠᠵᠢᠯ ᠤᠨ ᠨᠠᠷᠢᠨ ᠲᠦᠷᠢᠮ ︵ᠵᠠᠰᠠᠪᠤᠷᠢ ᠣᠷᠣᠭᠤᠯᠤᠭᠰᠠᠨ ᠨᠤᠤᠷᠠᠭ︶ ︵ᠬᠢᠨᠠᠨ ᠵᠥᠪᠯᠡᠬᠦ ᠨᠤᠤᠷᠠᠭ︶︾᠂ ︽ᠬᠠᠶᠢᠷᠤᠪ ᠤᠨ ᠲᠤᠬᠤᠢ ᠲᠤᠭᠤᠷᠢᠭ ᠤᠨ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠲᠤᠭᠤᠷᠢᠭ ᠢᠶᠠᠨ ᠵᠠᠰᠠᠬᠤ ᠵᠥᠪᠯᠡᠯ ᠤᠨ 2024 ᠣᠨ ᠤ ᠠᠵᠢᠯ ᠤᠨ ᠭᠤᠣᠯᠳᠠᠯᠭ᠎ᠠ ︵ᠬᠢᠨᠠᠨ ᠵᠥᠪᠯᠡᠬᠦ ᠨᠤᠤᠷᠠᠭ︶︾ ᠵᠡᠷᠭᠡ ᠠᠭᠤᠯᠭ᠎ᠠ ᠶᠢ ᠰᠤᠳᠤᠯᠤᠨ ᠬᠢᠨᠠᠨ ᠵᠥᠪᠯᠡᠪᠡ︔ 2023 ᠣᠨ ᠤ ᠬᠠᠶᠢᠷᠤᠪ ᠤᠨ ᠲᠤᠬᠤᠢ ᠲᠤᠭᠤᠷᠢᠭ ᠤᠨ ᠪᠦᠬᠦ ᠲᠠᠯ᠎ᠠ ᠪᠠᠷ ᠬᠠᠤᠯᠢ ᠪᠠᠷ ᠲᠤᠭᠤᠷᠢᠭ ᠢᠶᠠᠨ ᠵᠠᠰᠠᠬᠤ ᠠᠵᠢᠯ ᠤᠨ ᠪᠠᠶᠢᠳᠠᠯ᠂ ᠪᠦᠬᠦ ᠲᠠᠯ᠎ᠠ ᠪᠠᠷ ᠬᠠᠤᠯᠢ ᠪᠠᠷ ᠲᠤᠭᠤᠷᠢᠭ ᠢᠶᠠᠨ ᠵᠠᠰᠠᠬᠤ ᠬᠤᠷᠢᠶᠠᠨ ᠤ ᠡᠯ᠎ᠡ ᠵᠣᠬᠢᠴᠠᠭᠤᠯᠬᠤ ᠳᠤᠭᠤᠶᠢᠯᠠᠩ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠤᠨ ᠲᠤᠬᠠᠢ ᠶᠢᠨ ᠲᠠᠯᠠᠪᠠᠢ ᠳᠤ ᠲᠤᠭᠠᠴᠢᠬᠤ ᠶᠢ ᠰᠣᠨᠣᠰᠤᠭᠰᠠᠨ ᠪᠥᠭᠡᠳ ᠬᠠᠶᠢᠷᠤᠪ ᠤᠨ ᠲᠤᠬᠤᠢ ᠲᠤᠭᠤᠷᠢᠭ ᠤᠨ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠬᠠᠶᠢᠷᠤᠪ ᠤᠨ ᠲᠤᠬᠤᠢ ᠲᠣᠭᠤᠷᠢᠭ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠠᠯᠢ ᠤᠯᠠᠨ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠦᠵᠡᠯ ᠰᠠᠨᠠᠭ᠎ᠠ ᠪᠠᠨ ᠴᠢᠨᠠᠭᠰᠢᠳᠠ ᠴᠢᠯᠥᠭᠡᠯᠡᠵᠦ᠂ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠨᠡᠩ ᠤᠯᠠᠨ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠥᠷᠭᠡᠨ ᠤᠯᠠᠨ ᠠᠷᠠᠳ ᠲᠦᠮᠡᠨ ᠳᠤ ᠬᠦᠷᠲᠡᠭᠡᠬᠦ ᠬᠡᠷᠡᠭᠲᠡᠢ᠃ ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠡᠨᠡ ᠬᠦ ᠬᠥᠪᠴᠢ ᠶᠢ ᠢᠮᠠᠭᠲᠠ ᠴᠢᠩᠭᠠᠯᠠᠵᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ ᠶᠢ ᠡᠷᠡᠰ ᠭᠤᠶᠢᠪᠢᠰᠢ ᠦᠭᠡᠢ ᠠᠬᠢᠭᠤᠯᠵᠤ᠂ ︽ᠭᠤᠷᠪᠠ ᠶᠢ ᠨᠡᠶᠢᠳᠬᠡᠬᠦ︾᠎ ᠶᠢ ᠦᠷᠭᠦᠯᠵᠢᠯᠡᠨ ᠠᠬᠢᠭᠤᠯᠵᠤ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠵᠡᠷᠭᠡ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠢᠳᠡᠪᠬᠢᠲᠡᠢ ᠪᠤᠶᠢᠵᠢᠭᠤᠯᠵᠤ᠂ ᠡᠬᠢ ᠪᠠᠶᠠᠯᠢᠭ ᠰᠢᠪᠬᠠᠷᠴᠤ᠂ ᠠᠵᠤ ᠦᠢᠯᠡᠰ ᠤᠨ ᠪᠦᠲᠦᠴᠡ ᠲᠠᠩ ᠴᠤᠯᠭᠤᠢ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ︔ ᠰᠦᠨ ᠱᠤᠤ ᠴᠧᠩ ᠱᠦᠵᠢ ᠶᠢᠨ ᠬᠠᠳᠤᠨ ᠭᠤᠤᠯ ᠤᠨ ︽几ᠦᠰᠦᠭ ᠲᠤᠬᠤᠢ︾᠎ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠪᠠ ᠴᠢᠨᠠᠷ ᠰᠠᠶᠢᠲᠠᠢ ᠬᠥᠭᠵᠢᠯᠲᠡ ᠶᠢᠨ ᠶᠠᠷᠢᠯᠴᠠᠬᠤ ᠬᠤᠷᠠᠯ ᠳᠡᠭᠡᠷ᠎ᠡ ᠳᠤᠷᠠᠳᠤᠭᠰᠠᠨ ᠶᠡᠭᠡ ᠬᠠᠮᠠᠭᠠᠯᠠᠯᠲᠠ᠂ ᠶᠡᠭᠡ ᠬᠤᠪᠢᠷᠠᠯᠲᠠ᠂ ᠶᠡᠭᠡ ᠴᠡᠭᠴᠡᠯᠡᠨ ᠰᠠᠶᠢᠵᠢᠷᠠᠭᠤᠯᠤᠯᠲᠠ ᠵᠡᠷᠭᠡ ᠭᠤᠷᠪᠠᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ︔ ᠤᠯᠠᠨ ᠲᠦᠮᠡᠨ ᠤ ᠬᠢᠨᠠᠯᠲᠠ ᠲᠠᠯᠪᠢᠬᠤ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠵᠦ᠂ ᠡᠯ᠎ᠡ ᠰᠠᠯᠠᠭ᠎ᠠ ᠮᠥᠴᠢᠷ ᠨᠢᠭᠡᠴᠡ ᠶᠢᠨ ᠭᠤᠣᠯ ᠬᠠᠷᠢᠭᠤᠴᠠᠯᠭᠠᠲᠠᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶᠎ ᠶᠢᠨ ᠬᠤᠷᠠᠯ ᠳᠡᠭᠡᠷ᠎ᠡ ᠤᠯᠠᠮᠵᠢᠯᠠᠨ ᠪᠠᠶᠢᠷᠢᠯᠠᠭᠤᠯᠬᠤ ᠬᠡᠷᠡᠭᠲᠡᠢ︔ ᠬᠠᠤᠯᠢ ᠴᠠᠭᠠᠵᠠ ᠶᠢᠨ ᠰᠠᠯᠠᠭ᠎ᠠ ᠮᠥᠴᠢᠷ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠤᠨᠢᠨ ᠳᠡᠭᠡᠷ᠎ᠡ ᠨᠢ ᠬᠠᠤᠯᠢ ᠴᠠᠭᠠᠵᠠ ᠶᠢ ᠲᠦᠭᠡᠮᠡᠯᠵᠢᠭᠦᠯᠬᠦ ᠶᠢ ᠥᠷᠨᠢᠭᠦᠯᠵᠦ᠂ ᠬᠠᠤᠯᠢ ᠴᠠᠭᠠᠵᠠ ᠶᠢᠨ ᠮᠡᠳᠡᠯᠭᠡ ᠶᠢ ᠠᠷᠠᠳ ᠤᠯᠠᠨ ᠤ ᠰᠡᠳᠬᠢᠯ ᠳᠤ ᠬᠠᠳᠠᠩᠰᠢᠭᠤᠯᠬᠤ ᠬᠡᠷᠡᠭᠲᠡᠢ ᠭᠡᠵᠣ  ᠴᠢᠬᠤᠯᠠᠴᠢᠯᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号