ᠭᠡᠷ᠎ᠡ ᠲᠤᠭᠳᠠᠵᠤ ᠫᠠᠶᠢᠰᠠ ᠰᠡᠭᠦᠪᠡ︕
ᠨᠡᠶᠢᠲᠡᠯᠡᠭᠰᠡᠨ ᠴᠠᠭ᠄
2024/5/13
    ᠣᠶᠢᠷ᠎ᠠ ᠳᠤ᠂ ᠦᠬᠠᠶ ᠬᠤᠲᠠ ᠶᠢᠨ ᠬᠠᠶᠢᠷᠤᠪ ᠤᠨ ᠲᠣᠬᠤᠶ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠢᠭᠡᠳ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠶᠢᠨ ᠪᠤᠭᠤᠲᠤ ᠶᠢᠨ ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ ᠰᠢᠨ᠎ᠡ ᠶᠢ ᠡᠭᠦᠳᠦᠨ ᠠᠳᠠᠯ ᠤᠶᠢᠯᠡᠰ ᠴᠣᠭᠴᠠᠯᠠᠬᠤ ᠤᠶᠢᠯᠡᠳᠤᠯᠭᠡ ᠶᠢᠨ ᠰᠠᠭᠤᠷᠢᠨ ᠭᠠᠵᠠᠷ ᠤᠨ ᠭᠡᠷ᠎ᠡ ᠲᠣᠭᠲᠠᠬᠤ ᠶᠣᠰᠣᠯᠠᠯ ᠶᠠᠪᠤᠭᠤᠯᠪᠠ᠃
640 (4).jpg  
    ᠭᠠᠷ ᠤᠨ ᠦᠰᠦᠭ ᠵᠢᠷᠤᠬᠤ ᠶᠣᠰᠣᠯᠠᠯ ᠳᠡᠭᠡᠷ᠎ᠡ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠶᠢᠨ ᠪᠤᠭᠤᠲᠤ ᠶᠢᠨ ᠡᠮᠨᠡᠯᠭᠡ ᠶᠢᠨ ᠳᠡᠭᠡᠳᠦ ᠰᠤᠷᠭᠠᠭᠤᠯᠢ ᠪᠣᠯᠤᠨ ᠬᠠᠶᠢᠷᠤᠪ ᠤᠨ ᠲᠤᠬᠤᠢ ᠲᠣᠭᠤᠷᠢᠭ ᠤᠨ ᠬᠤᠯᠪᠣᠭᠳᠠᠯ ᠪᠦᠬᠦᠢ ᠤᠳᠤᠷᠢᠳᠤᠯᠭ᠎ᠠ ᠲᠤᠰ ᠲᠤᠰ ᠶᠠᠷᠢᠶ᠎ᠠ ᠲᠠᠯᠪᠢᠪᠠ᠃ ᠲᠡᠳᠡ᠂ ᠲᠣᠰ ᠤᠳᠠᠭᠠᠨ ᠤ ᠬᠠᠮᠲᠤᠷᠠᠯᠴᠠᠭ᠎ᠠ ᠨᠢ ᠰᠤᠷᠤᠭᠴᠢᠳ ᠲᠤ ᠨᠠᠩ ᠥᠷᠭᠡᠨ ᠠᠭᠤᠳᠠᠮ ᠳᠠᠳᠤᠯᠭ᠎ᠠ ᠪᠠ ᠦᠢᠯᠡᠳᠦᠯᠭᠡ ᠶᠢᠨ ᠲᠠᠪᠴᠠᠩ ᠬᠠᠩᠭᠠᠵᠤ᠂ ᠲᠡᠳᠡᠨ ᠤ ᠰᠣᠷᠣᠭᠰᠠᠨ ᠮᠡᠳᠡᠯᠭᠡ ᠪᠠᠨ ᠪᠣᠳᠠᠲᠠᠶ ᠠᠵᠢᠯ ᠲᠠᠢ ᠨᠠᠩ ᠰᠠᠶᠢᠲᠤᠷ ᠤᠶᠠᠯᠳᠤᠭᠤᠯᠵᠤ᠂ ᠲᠣᠰ ᠪᠡᠶ᠎ᠡ ᠶᠢᠨ ᠶᠡᠷᠦᠩᠬᠡᠶᠢᠯᠡᠭᠰᠡᠨ ᠬᠡᠪ ᠴᠢᠨᠠᠷ ᠪᠠ ᠤᠶᠢᠯᠡᠳᠤᠯᠭᠡ ᠶᠢᠨ ᠴᠢᠳᠠᠪᠤᠷᠢ ᠪᠠᠨ ᠳᠡᠭᠡᠭᠰᠢᠯᠡᠭᠦᠯᠦᠨ᠎ᠡ ᠭᠡᠵᠦ ᠢᠯᠡᠷᠬᠡᠶᠢᠯᠡᠪᠡ᠃ ᠡᠭᠦᠨ ᠤ ᠬᠠᠮᠲᠤ᠂ ᠡᠨᠡ ᠨᠢ ᠪᠠᠰᠠ ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠤᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠦ᠂ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠪᠣᠯᠤᠨ᠎ᠠ᠃ ᠲᠣᠰ ᠤᠳᠠᠭᠠᠨ ᠤ ᠬᠤᠶᠠᠷ ᠲᠠᠯ᠎ᠠ ᠶᠢᠨ ᠬᠠᠮᠲᠤᠷᠠᠯᠴᠠᠭ᠎ᠠ ᠨᠢ ᠲᠣᠰ ᠲᠣᠰ ᠤᠨ ᠳᠠᠪᠠᠭᠤᠯᠢᠭ ᠡᠬᠢ ᠪᠠᠶᠠᠯᠢᠭ ᠢᠶᠠᠨ ᠭᠦᠢᠴᠡᠳ ᠠᠰᠢᠭᠯᠠᠵᠤ᠂ ᠴᠢᠳᠠᠪᠤᠷᠢᠲᠠᠨ ᠢ ᠬᠥᠮᠦᠵᠢᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠨᠡᠶᠢᠭᠡᠮ ᠤᠨ ᠦᠢᠯᠡᠴᠢᠯᠡᠭᠡ ᠵᠡᠷᠭᠡ ᠲᠠᠯ᠎ᠠ ᠶᠢᠨ ᠬᠥᠭᠵᠢᠯᠲᠡ ᠶᠢ ᠬᠠᠮᠲᠤᠪᠠᠷ ᠠᠬᠢᠭᠤᠯᠵᠤ᠂ ᠲᠡᠷᠢᠭᠦᠨ ᠤ ᠳᠠᠳᠤᠯᠭ᠎ᠠ ᠪᠠ ᠦᠢᠯᠡᠳᠦᠯᠭᠡ ᠶᠢᠨ ᠰᠠᠭᠤᠷᠢᠨ ᠭᠠᠵᠠᠷ ᠢ ᠬᠠᠮᠲᠤᠪᠠᠷ ᠪᠠᠶᠢᠭᠤᠯᠵᠤ᠂ ᠨᠠᠩ ᠣᠯᠠᠨ ᠰᠢᠯᠢᠳᠡᠭ ᠠᠨᠠᠭᠠᠬᠤ ᠤᠬᠠᠭᠠᠨ ᠤ ᠴᠢᠳᠠᠪᠤᠷᠢᠲᠠᠨ ᠢ ᠬᠥᠮᠦᠵᠢᠭᠦᠯᠬᠦ ᠳᠤ ᠬᠤᠪᠢ ᠨᠡᠮᠡᠷᠢ ᠦᠵᠡᠭᠦᠯᠬᠦ ᠪᠣᠯᠤᠨ᠎ᠠ᠃
     ᠭᠡᠷ᠎ᠡ ᠲᠣᠭᠲᠠᠬᠤ ᠶᠣᠰᠣᠯᠠᠯ ᠳᠠᠭᠤᠰᠤᠭᠰᠠᠨ ᠤ ᠳᠠᠷᠠᠭ᠎ᠠ᠂ ᠬᠤᠶᠠᠷ ᠲᠠᠯ᠎ᠠ ᠶᠢᠨ ᠤᠳᠤᠷᠢᠳᠤᠯᠭ᠎ᠠ ᠪᠠᠰᠠ ᠭᠦᠨᠵᠡᠭᠡᠶ ᠰᠣᠯᠢᠯᠴᠠᠭ᠎ᠠ ᠬᠢᠵᠦ᠂ ᠰᠠᠪᠠ ᠶᠢᠨ ᠬᠦᠵᠦᠭᠦᠨ ᠤ ᠥᠮᠡᠨ ᠢ ᠰᠡᠷᠭᠡᠶᠢᠯᠡᠨ ᠵᠠᠰᠠᠬᠤ ᠡᠷᠡᠭᠦᠯ ᠬᠠᠮᠠᠭᠠᠯᠠᠯ ᠤᠨ ᠠᠷᠭ᠎ᠠ ᠪᠣᠳᠣᠯᠭ᠎ᠠ ᠶᠢᠨ ᠲᠠᠯ᠎ᠠ ᠪᠠᠷ ᠭᠦᠨᠵᠡᠭᠡᠶ ᠰᠤᠳᠤᠯᠤᠨ ᠶᠠᠷᠢᠯᠴᠠᠭᠰᠠᠨ ᠪᠥᠭᠡᠳ ᠢᠷᠡᠭᠡᠳᠦᠶ ᠶᠢᠨ ᠬᠠᠮᠲᠤᠷᠠᠯᠴᠠᠭᠠᠨ ᠤ ᠬᠥᠭᠵᠢᠯᠲᠡ ᠶᠢᠨ ᠲᠤᠬᠠᠶ ᠣᠯᠠᠨ ᠵᠦᠢᠯ ᠤᠨ ᠬᠠᠮᠲᠤ ᠶᠢᠨ ᠲᠠᠨᠢᠯᠲᠠ ᠲᠠᠢ ᠪᠣᠯᠪᠠ᠃ ᠬᠤᠶᠠᠷ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠳᠣᠣᠷ᠎ᠠ᠂ ᠬᠠᠮᠲᠤ ᠶᠢᠨ ᠠᠵᠢᠯᠯᠠᠭ᠎ᠠ ᠨᠡᠩ ᠠᠮᠵᠢᠯᠲᠠ ᠣᠯᠵᠤ᠂ ᠡᠮᠨᠡᠯᠭᠡ ᠶᠢᠨ ᠰᠤᠷᠭᠠᠨ ᠬᠥᠮᠦᠵᠢᠯ ᠪᠣᠯᠣᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠤᠨ ᠬᠥᠭᠵᠢᠯᠲᠡ ᠳᠤ ᠰᠢᠨ᠎ᠡ ᠬᠥᠳᠡᠯᠭᠡᠭᠴᠢ ᠬᠦᠴᠦᠨ ᠨᠡᠮᠡᠷᠢᠯᠡᠨ᠎ᠡ ᠭᠡᠳᠡᠭ ᠢ ᠢᠲᠡᠭᠡᠵᠦ ᠪᠠᠶᠢᠨ᠎ᠠ᠃
微信图片_20240513151156.jpg   
    ᠬᠠᠶᠢᠷᠤᠪ ᠤᠨ ᠲᠣᠬᠤᠢ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠲᠣᠰ ᠤᠳᠠᠭᠠᠨ ᠤ ᠭᠡᠷ᠎ᠡ ᠲᠣᠭᠲᠠᠬᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠶᠢᠨ ᠪᠤᠭᠤᠲᠤ ᠶᠢᠨ ᠡᠮᠨᠡᠯᠭᠡ ᠶᠢᠨ ᠳᠡᠭᠡᠳᠦ ᠰᠤᠷᠭᠠᠭᠤᠯᠢ ᠲᠠᠢ ᠵᠢᠭᠠᠨ ᠰᠤᠷᠭᠠᠯᠲᠠ ᠶᠢᠨ ᠡᠮᠨᠡᠯᠭᠡ ᠶᠢᠨ ᠬᠤᠷᠢᠶ᠎ᠠ ᠪᠠᠶᠢᠭᠤᠯᠬᠤ ᠡᠮᠦᠨᠡᠬᠢ ᠬᠤᠭᠤᠴᠠᠭᠠᠨ ᠤ ᠢᠪᠡᠭᠡᠬᠦ ᠠᠵᠢᠯ ᠢ ᠰᠠᠶᠢᠲᠤᠷ ᠬᠢᠨ᠎ᠠ᠃ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠲᠤ ᠪᠠᠷ ᠡᠳ᠋ᠯᠡᠬᠦ᠂ ᠨᠡᠶᠢᠭᠡᠮ ᠤᠨ ᠦᠢᠯᠡᠳᠦᠯᠭᠡ ᠶᠢᠨ ᠵᠢᠯᠤᠭᠤᠳᠤᠯᠭ᠎ᠠ᠂ ᠮᠡᠷᠭᠡᠵᠢᠯ ᠤᠨ ᠰᠢᠨ᠎ᠡ ᠶᠢ ᠡᠭᠦᠳᠬᠦ ᠳᠤ ᠨᠡᠩ ᠰᠠᠶᠢᠨ ᠬᠦᠴᠦᠨ ᠨᠡᠮᠡᠷᠢᠯᠡᠪᠡ᠂ ᠲᠤᠰ ᠤᠳᠠᠭ᠎ᠠ ᠶᠢᠨ ᠬᠠᠮᠲᠤᠷᠠᠯᠴᠠᠭ᠎ᠠ ᠪᠣᠯ ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠪᠣᠯᠤᠨ ᠪᠤᠭᠤᠲᠤ ᠶᠢᠨ ᠡᠮᠨᠡᠯᠭᠡ ᠶᠢᠨ ᠳᠡᠭᠡᠳᠦ ᠰᠤᠷᠭᠠᠭᠤᠯᠢ ᠶᠢᠨ ᠬᠠᠮᠲᠤ ᠪᠠᠷ ᠬᠠᠶᠢᠨ ᠰᠦᠪᠡᠭᠴᠢᠯᠡᠵᠦ᠂ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠶᠢᠨ ᠨᠢᠭᠡ ᠵᠦᠢᠯ ᠤᠨ ᠴᠢᠬᠤᠯᠠ ᠦᠷ᠎ᠡ ᠪᠦᠲᠦᠭᠡᠯ ᠪᠣᠯᠤᠨ᠎ᠠ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号