ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/13
    5 ᠰᠠᠷ᠎ᠠ ᠶᠢᠨ 9᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠯᠢᠨ ᠶᠢᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ᠂ ᠬᠠᠢ ᠰᠢᠨ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠬᠠᠮᠲᠤᠪᠠᠷ ︽ᠦᠨᠳᠦᠰᠦᠲᠡᠨ ᠨᠦᠭᠦᠳ ᠪᠦᠯᠬᠦᠮᠳᠡᠨ ᠨᠢᠭᠡ ᠰᠡᠳᠬᠢᠯ ᠬᠥᠷᠰᠢ ᠵᠡᠷᠭᠡᠯᠡᠳᠡᠭᠡ ᠶᠢᠨ ᠬᠢᠨ ᠵᠣᠯ ᠵᠢᠷᠭᠠᠯ ᠲᠠᠢ ᠨᠢᠭᠡ ᠭᠡᠷ ᠤᠨ ᠬᠥᠮᠦᠨ ᠮᠡᠲᠦ ᠳᠣᠲᠣᠨᠣ︾ ᠦᠨᠳᠦᠰᠦᠲᠡᠨ ᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢᠨ ᠠᠵᠢᠯᠯᠠᠭ᠎ᠠ ᠥᠷᠨᠢᠭᠦᠯᠪᠡ᠃
 
    ᠲᠣᠭᠯᠠᠯᠲᠠ ᠶᠢᠨ ᠲᠤᠬᠠᠢ ᠶᠢᠨ ᠲᠠᠯᠠᠪᠠᠢ ᠳᠤ᠂  ᠴᠠᠷᠭᠢᠯ ᠬᠤᠯᠪᠣᠭ᠎ᠠ ᠨᠢ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠨ᠎ᠠ︾ ᠭᠡᠬᠦ ᠠᠮᠢᠳᠤᠯᠢᠭ ᠦᠭᠡ ᠬᠡᠯᠡ ᠪᠠ ᠬᠥᠭ ᠠᠶᠠᠰ ᠢᠶᠠᠷ ᠨᠠᠮ ᠳᠠᠭᠠᠨ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠳᠠᠮᠵᠢᠭᠤᠯᠪᠠ︔ ︽ᠪᠢ ᠪᠣᠯᠤᠨ ᠮᠢᠨᠦ ᠡᠬᠡ ᠤᠯᠤᠰ︾ ᠭᠡᠬᠦ ᠳᠠᠭᠤᠤ ᠨᠢ ᠬᠥᠮᠦᠨ ᠨᠢᠭᠡᠪᠦᠷᠢ ᠶᠢᠨ ᠡᠬᠡ ᠤᠯᠤᠰ ᠲᠠᠭᠠᠨ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠳᠠᠭᠤᠯᠠᠪᠠ᠃ ᠰᠠᠭᠤᠭᠠᠯᠢ ᠠᠷᠠᠳ ᠦᠨᠳᠦᠰᠦᠲᠡᠨ ᠤ ᠪᠦᠯᠬᠦᠮᠳᠡᠯ ᠤᠨ ᠬᠦᠴᠦᠨ ᠴᠢᠳᠠᠯ ᠪᠠ ᠬᠠᠶᠢᠷ᠎ᠠ ᠬᠠᠯᠠᠮᠵᠢ ᠶᠢ ᠬᠠᠮᠲᠤ ᠪᠠᠷ ᠮᠡᠳᠡᠷᠡᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢᠨ ᠲᠥᠯᠥᠭᠡ ᠬᠠᠮᠲᠤ ᠪᠠᠷ ᠴᠢᠷᠮᠠᠶᠢᠨ ᠲᠡᠮᠡᠴᠡᠬᠦ ᠢᠲᠡᠭᠡᠯ ᠵᠣᠷᠢᠭ ᠢᠶᠠᠨ ᠨᠡᠩ ᠪᠠᠲᠤᠳᠬᠠᠪᠠ᠃ 
    ᠲᠣᠭᠯᠠᠯᠲᠠ ᠶᠢᠨ ᠵᠠᠪᠰᠠᠷ ᠲᠤ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠲᠤᠬᠠᠶ ᠶᠢᠨ ᠲᠠᠯᠠᠪᠤᠷ ᠤᠨ ᠬᠠᠷᠢᠯᠴᠠᠨ ᠬᠥᠳᠡᠯᠦᠯᠴᠡᠵᠦ ᠰᠡᠳᠦᠪ ᠬᠠᠷᠢᠭᠤᠯᠬᠤ ᠭᠤᠭᠴᠤᠭ᠎ᠠ ᠶᠢ ᠬᠤᠯᠪᠣᠵᠤ᠂ ᠦᠵᠡᠭᠴᠢᠳ ᠤᠨ ᠪᠠᠶᠠᠷ ᠪᠠᠶᠠᠰᠬᠤᠯᠠᠩᠲᠤ ᠠᠭᠤᠷ ᠠᠮᠢᠰᠬᠤᠯ ᠤᠨ ᠳᠤᠮᠳᠠ ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠮᠡᠳᠡᠯᠭᠡ ᠶᠢᠨ ᠲᠤᠬᠠᠶ ᠣᠶᠢᠯᠠᠭᠠᠯᠲᠠ ᠪᠠ ᠮᠡᠳᠡᠷᠡᠮᠵᠢ ᠶᠢ ᠭᠦᠨᠵᠡᠭᠡᠶᠢᠷᠡᠭᠦᠯᠪᠡ᠃ ᠣᠯᠠᠨ ᠢᠶᠠᠷ ᠢᠶᠠᠨ ᠭᠠᠷ ᠡᠷᠭᠦᠨ ᠵᠠᠪᠳᠤᠨ ᠬᠠᠷᠢᠭᠤᠯᠵᠤ᠂ ᠢᠳᠡᠪᠬᠢᠲᠡᠶ ᠪᠠᠷ ᠣᠷᠣᠯᠴᠠᠨ᠂ ᠠᠵᠢᠯᠯᠠᠭ᠎ᠠ ᠶᠢᠨ ᠰᠣᠨᠢᠷᠬᠠᠯᠳᠤ ᠴᠢᠨᠠᠷ ᠪᠠ ᠨᠥᠯᠥᠭᠡᠯᠡᠯᠴᠡᠬᠦ ᠴᠢᠨᠠᠷ ᠢ ᠨᠡᠮᠡᠭᠳᠡᠭᠦᠯᠵᠡᠶ᠃
    ᠠᠵᠢᠯᠯᠠᠭ᠎ᠠ ᠨᠢ ᠪᠠᠰᠠ ᠤᠷᠠᠨ ᠪᠢᠴᠢᠯᠭᠡ ᠶᠢᠨ ᠨᠡᠶᠢᠭᠡᠮᠯᠢᠭ ᠤᠨ ᠪᠠᠭᠰᠢ ᠨᠠᠷ ᠢ ᠲᠤᠰᠬᠠᠶᠢᠯᠠᠨ ᠤᠷᠢᠵᠤ ᠵᠢᠭᠰᠠᠭᠠᠯ ᠳᠤ ᠣᠷᠣᠯᠴᠠᠭᠤᠯᠵᠤ᠂ ︽ᠦᠨᠳᠦᠰᠦᠲᠡᠨ ᠨᠦᠭᠦᠳ ᠪᠦᠯᠬᠦᠮᠳᠡᠨ ᠨᠢᠭᠡ ᠬᠡᠷ ᠪᠦᠯᠢ ᠮᠡᠲᠦ ᠳᠣᠲᠣᠨᠣ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ︾ ᠤᠷᠠᠨ ᠪᠢᠴᠢᠯᠭᠡ ᠶᠢᠨ ᠪᠦᠲᠦᠭᠡᠯ ᠢ ᠪᠢᠴᠢᠭᠯᠡᠵᠦ᠂ ᠤᠷᠠᠨ ᠪᠢᠴᠢᠯᠭᠡ ᠶᠢᠨ ᠤᠷᠠᠯᠢᠭ ᠤᠨ ᠷᠢᠳᠢ ᠰᠢᠳᠢ ᠶᠢ ᠳᠡᠯᠭᠡᠨ ᠦᠵᠡᠭᠦᠯᠦᠭᠰᠡᠨ ᠢᠶᠠᠷ ᠪᠠᠷᠠᠬᠤ ᠥᠬᠡᠶ ᠪᠠᠰᠠ ᠦᠨᠳᠦᠰᠦᠲᠡᠨ ᠤ ᠪᠦᠯᠬᠦᠮᠳᠡᠯ ᠪᠠ ᠡᠬᠡ ᠤᠯᠤᠰ ᠤᠨ ᠬᠥᠭᠵᠢᠯ ᠴᠡᠴᠡᠭᠯᠡᠯ ᠳᠤ ᠰᠠᠶᠢᠨ ᠰᠠᠶᠢᠬᠠᠨ ᠬᠦᠰᠡᠯ ᠵᠥᠩᠨᠡᠯ ᠢᠶᠠᠨ ᠢᠯᠡᠳᠬᠡᠵᠡᠢ᠃    ᠡᠭᠦᠨ ᠠᠴᠠ ᠭᠠᠳᠠᠨ᠎ᠠ᠂ ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠲᠠᠪᠴᠠᠩ ᠭᠠᠷᠭᠠᠵᠤ᠂ ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠲᠡ 200 ᠭᠠᠷᠤᠶ ᠬᠤᠪᠢ᠂ ᠤᠬᠠᠭᠤᠯᠭ᠎ᠠ ᠶᠢᠨ ᠮᠠᠲ᠋ᠧᠷᠢᠶᠠᠯ ᠢ 100 ᠭᠠᠷᠤᠶ ᠬᠤᠪᠢ ᠲᠠᠷᠬᠠᠭᠠᠪᠠ᠃ ᠨᠡᠶᠢᠭᠡᠮ ᠲᠣᠭᠤᠷᠢᠭ ᠤᠨ ᠠᠵᠢᠯᠲᠠᠳ ᠣᠶᠢᠯᠠᠭᠠᠮᠵᠢᠲᠠᠶ ᠦᠭᠡ ᠬᠡᠯᠡ ᠪᠠᠷ ᠣᠯᠠᠨ ᠲᠦᠮᠡᠨ ᠳᠤ ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢ ᠤᠬᠠᠭᠤᠯᠵᠤ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠢ ᠣᠯᠠᠨ ᠲᠦᠮᠡᠨ ᠤ ᠡᠳᠦᠷ ᠲᠤᠲᠤᠮ ᠤᠨ ᠠᠮᠢᠳᠤᠷᠠᠯ ᠳᠤ ᠠᠭᠤᠰᠬᠠᠨ ᠣᠷᠣᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤ ᠪᠠᠬᠢ ᠪᠣᠶ ᠪᠣᠯᠭᠠᠵᠤ᠂ ᠡᠶ᠎ᠡ ᠵᠣᠬᠢᠴᠠᠯ ᠲᠠᠢ ᠬᠠᠮᠲᠤ ᠪᠠᠷ ᠠᠭᠤᠰᠤᠯᠴᠠᠭᠰᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠪᠠ᠃    ᠠᠵᠢᠯᠯᠠᠭ᠎ᠠ ᠨᠢ ᠰᠠᠭᠤᠭᠠᠯᠢ ᠠᠷᠠᠳ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ ᠪᠠᠰᠠ ᠦᠨᠳᠦᠰᠦᠲᠡᠨ ᠨᠦᠭᠦᠳ ᠤᠨ ᠤᠯᠠᠨ ᠲᠦᠮᠡᠨ ᠤ ᠦᠨᠳᠦᠰᠦᠲᠡᠨ ᠤ ᠲᠦᠷᠦ ᠶᠢᠨ ᠪᠤᠳᠤᠯᠭ᠎ᠠ ᠶᠢᠨ ᠲᠤᠬᠠᠢ ᠣᠶᠢᠯᠠᠭᠠᠯᠲᠠ ᠶᠢ ᠨᠡᠮᠡᠭᠳᠡᠭᠦᠯᠵᠦ᠂ ᠦᠨᠳᠦᠰᠦᠲᠡᠨ ᠤ ᠪᠦᠯᠬᠦᠮᠳᠡᠯ ᠤᠨ ᠦᠷ᠎ᠡ ᠶᠢ ᠬᠥᠮᠦᠨ ᠨᠢᠭᠡᠪᠦᠷᠢ ᠶᠢᠨ ᠰᠡᠳᠬᠢᠯ ᠳᠤ ᠦᠨᠳᠦᠰᠦᠯᠡᠭᠦᠯᠦᠨ ᠰᠣᠶᠣᠭᠠᠯᠠᠭᠤᠯᠪᠠ᠃ ᠬᠠᠶᠢᠷᠤᠪ ᠤᠨ ᠲᠤᠬᠤᠢ ᠲᠣᠭᠤᠷᠢᠭ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠦᠷᠭᠦᠯᠵᠢᠯᠡᠨ ᠭᠦᠨᠵᠡᠭᠡᠢ ᠲᠤᠭᠤᠰᠢᠯᠠᠭᠤᠯᠵᠤ᠂ ᠨᠠᠮ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠪᠣᠯᠤᠨ ᠬᠠᠤᠯᠢ ᠴᠠᠭᠠᠵᠠ ᠬᠠᠤᠯᠢ ᠲᠣᠭᠲᠠᠭᠠᠯ ᠢ ︽ᠡᠭᠡᠯ ᠠᠷᠠᠳ ᠤᠨ ᠭᠡᠷ ᠲᠤ ᠣᠷᠣᠭᠤᠯᠵᠤ︾᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠱᠤᠭᠤᠮ ᠤᠨ ᠱᠠᠭᠠᠷᠳᠠᠯᠭ᠎ᠠ ᠶᠢ ᠦᠨᠡᠨ ᠬᠦ ᠪᠣᠳᠠᠲᠠᠢ ᠳᠤ ᠨᠠᠶᠢᠳᠠᠪᠤᠷᠢᠵᠢᠭᠤᠯᠤᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号