ᠲᠠᠷᠢᠶᠠᠨ ᠭᠠᠵᠠᠷ ᠤᠨ ᠬᠡᠷᠡᠭᠯᠡᠯᠲᠡ ᠶᠢ ᠵᠠᠬᠢᠷᠤᠨ ᠬᠠᠮᠢᠶᠠᠷᠬᠤ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠠᠮᠤ | ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠥᠬᠦ ᠲᠠᠯ᠎ᠠ ᠪᠠᠷ ᠪᠠᠬᠢᠵᠢᠭᠦᠯᠵᠦ᠂ 18 ᠳ᠋ᠦᠩᠰᠢᠭᠤᠷ ᠮᠥ ᠲᠠᠷᠢᠶᠠᠨ | ᠭᠠᠵᠠᠷ ᠤᠨ ᠤᠯᠠᠭᠠᠨ ᠱᠤᠭᠤᠮ ᠢ ᠪᠠᠲᠤ ᠰᠠᠬᠢᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ | ᠪᠥᠬᠦᠶ ᠪᠢᠴᠢᠭ ᠮᠠᠲ᠋ᠧᠷᠢᠶᠠᠯ ᠪᠠ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ᠂ ᠲᠤᠭᠤᠷᠢᠭ ᠤᠨ ᠨᠠᠮ ᠤᠨ | ᠬᠤᠷᠢᠶ᠎ᠠ ᠵᠠᠰᠠᠭ ᠤᠨ ᠣᠷᠳᠣᠨ ᠤ ᠲᠠᠷᠢᠶᠠᠨ ᠭᠠᠵᠠᠷ ᠢ ᠬᠠᠮᠠᠭᠠᠯᠠᠬᠤ ᠲᠤᠬᠠᠶ ᠠᠵᠢᠯ ᠤᠨ ᠱᠠᠭᠠᠷᠳᠠᠯᠭ᠎ᠠ ᠶᠣᠰᠣᠭᠠᠷ᠂ | ᠣᠶᠢᠷ᠎ᠠ ᠶᠢᠨ ᠬᠤᠭᠤᠴᠠᠭᠠᠨ ᠳᠤ᠂ ᠦᠬᠠᠶ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ | ᠬᠠᠶᠢᠷᠤᠪ ᠤᠨ ᠲᠣᠬᠤᠢ ᠶᠢᠨ ᠬᠤᠪᠢᠶᠠᠷᠢ ᠲᠣᠪᠴᠢᠶ᠎ᠠ ᠴᠡᠭᠡᠯ ᠠᠭᠤᠯᠠ ᠪᠠᠯᠭᠠᠰᠤ ᠪᠠ ᠲᠤᠭᠤᠷᠢᠭ ᠤᠨ ᠲᠠᠷᠢᠶᠠᠯᠠᠩ ᠮᠠᠯ | ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ ᠲᠠᠢ ᠬᠠᠮᠲᠤᠷᠠᠨ ᠲᠠᠷᠢᠶᠠᠨ ᠭᠠᠵᠠᠷ ᠢ ᠬᠠᠮᠠᠭᠠᠯᠠᠵᠤ ᠬᠠᠮᠢᠶᠠᠷᠬᠤ | ᠠᠵᠢᠯ ᠢ ᠴᠢᠩᠭᠠᠳᠬᠠᠪᠠ᠃ | | | | 5 ᠰᠠᠷ᠎ᠠ ᠶᠢᠨ 7 ᠤ ᠡᠳᠦᠷ᠂ ᠰᠤᠷᠪᠤᠯᠵᠢᠯᠠᠭᠴᠢ ᠲᠠᠷᠢᠶᠠᠨ ᠭᠠᠵᠠᠷ ᠤᠨ ᠬᠠᠮᠠᠭᠠᠯᠠᠯᠲᠠ ᠬᠠᠮᠢᠶᠠᠷᠤᠯᠲᠠ ᠶᠢ | ᠴᠢᠩᠭᠠᠳᠬᠠᠬᠤ ᠠᠵᠢᠯ ᠤᠨ ᠳᠤᠭᠤᠶᠢᠯᠠᠩ ᠢ ᠳᠠᠭᠠᠵᠤ ᠴᠡᠭᠡᠯ ᠠᠭᠤᠯᠠ ᠪᠠᠯᠭᠠᠰᠤᠨ ᠳᠤ ᠬᠦᠷᠴᠦ ᠲᠤᠬᠠᠶ ᠶᠢᠨ | ᠭᠠᠵᠠᠷ ᠲᠤᠨᠢ ᠪᠠᠶᠢᠴᠠᠭᠠᠨ ᠵᠢᠭᠰᠠᠭᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠨᠠᠷᠢᠨ ᠨᠢᠮᠪᠠᠶ ᠰᠤᠳᠤᠯᠤᠨ | ᠮᠠᠭᠠᠳᠯᠠᠵᠤ᠂ ᠳᠠᠭᠠᠭᠠᠴᠢᠯᠠᠨ ᠡᠵᠡᠩᠨᠡᠬᠦ ᠡᠷᠬᠡ ᠪᠠᠷ ᠰᠠᠭᠤᠷᠢ ᠪᠣᠯᠭᠠᠨ᠂ ᠨᠠᠷᠢᠯᠢᠬᠵᠢᠭᠤᠯᠤᠭᠰᠠᠨ ᠡᠬᠡ ᠲᠠᠩᠰᠠ ᠪᠠ | ᠵᠢᠷᠤᠭ ᠤᠨ ᠳᠡᠪᠲᠡᠷ ᠢ ᠪᠠᠶᠢᠭᠤᠯᠵᠤ᠂ ᠲᠠᠷᠢᠶᠠᠨ ᠭᠠᠵᠠᠷ ᠤᠨ ᠲᠣᠭᠠᠴᠢᠯᠠᠭᠰᠠᠨ ᠬᠠᠮᠢᠶᠠᠷᠤᠯᠲᠠ ᠶᠢ ᠪᠡᠶᠡᠯᠡᠭᠦᠯᠦᠨ᠂ | ᠲᠣᠭᠤᠷᠢᠭ᠂ ᠪᠠᠯᠭᠠᠰᠤ᠂ ᠲᠣᠰᠬᠤᠨ᠂ ᠳᠤᠭᠤᠶᠢᠯᠠᠩ ᠤᠨ ᠭᠤᠯᠳᠤ ᠳᠥᠷᠪᠡᠨ ᠱᠠᠲᠤᠨ ᠤ ᠲᠠᠷᠢᠶᠠᠨ ᠭᠠᠵᠠᠷ ᠤᠨ | ᠬᠠᠮᠠᠭᠠᠯᠠᠯᠲᠠ ᠶᠢᠨ ᠬᠢᠨᠠᠨ ᠬᠡᠮᠵᠢᠯᠲᠡ ᠶᠢᠨ ᠰᠦᠯᠵᠢᠶᠡᠨ ᠤ ᠰᠢᠰᠲ᠋ᠧᠮ ᠢ ᠪᠦᠷᠢᠯᠳᠦᠭᠦᠯᠵᠦ᠂ ᠲᠠᠷᠢᠶᠠᠨ ᠭᠠᠵᠠᠷ ᠤᠨ | ᠬᠠᠮᠠᠭᠠᠯᠠᠯᠲᠠ ᠶᠢᠨ ᠲᠣᠤᠷ ᠰᠦᠯᠵᠢᠶᠡᠨ ᠤ ᠲᠣᠭᠲᠠᠴᠠ ᠶᠢ ᠲᠡᠭᠦᠯᠳᠡᠷᠵᠢᠭᠦᠯᠪᠡ᠃ | | | | ᠣᠶᠢᠯᠠᠭᠠᠭᠰᠠᠨ ᠢᠶᠠᠷ᠂ ᠬᠠᠶᠢᠷᠤᠪ ᠤᠨ ᠲᠣᠬᠤᠶ ᠲᠣᠭᠤᠷᠢᠭ ᠤᠨ ᠲᠠᠷᠢᠶᠠᠨ ᠭᠠᠵᠠᠷ ᠤᠨ ᠲᠠᠯᠠᠪᠠᠶ ᠨᠡᠶᠢᠲᠡ | 2115.75 ᠾᠧᠺᠲ᠋ᠠᠷ ᠪᠠᠶᠢᠵᠤ᠂ ᠣᠳᠣᠬᠠᠨ ᠳᠤ ᠶᠠᠭ ᠲᠣᠰᠬᠤᠨ ᠤ ᠠᠷᠠᠳ ᠤᠨ ᠳᠤᠭᠤᠶᠢᠯᠠᠩ ᠤᠨ ᠵᠠᠭᠠᠭ ᠢ | ᠲᠣᠭᠲᠠᠭᠠᠭᠰᠠᠨ ᠪᠥᠭᠡᠳ ᠲᠠᠷᠢᠶᠠᠨ ᠭᠠᠵᠠᠷ ᠤᠨ ᠬᠡᠷᠡᠭᠯᠡᠯᠲᠡ ᠶᠢᠨ ᠪᠠᠶᠢᠳᠠᠯ ᠢ ᠳᠠᠷᠠᠭᠠᠯᠠᠨ ᠪᠠᠶᠢᠴᠠᠭᠠᠵᠤ ᠪᠠᠶᠢᠨ᠎ᠠ᠃ | ᠦᠬᠠᠶ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠬᠠᠶᠢᠷᠤᠪ ᠤᠨ ᠲᠣᠬᠤᠢ ᠶᠢᠨ | ᠬᠤᠪᠢᠶᠠᠷᠢ ᠲᠣᠪᠴᠢᠶ᠎ᠠ ᠶᠢᠨ ᠠᠵᠢᠯᠲᠠᠨ ᠬᠤ᠋ ᠪᠥᠸᠧ ᠰᠤᠷᠪᠤᠯᠵᠢᠯᠠᠭᠴᠢ ᠳᠤ᠄ ︽ᠮᠠᠨ ᠤ ᠲᠣᠪᠴᠢᠶ᠎ᠠ ᠴᠡᠭᠡᠯ ᠠᠭᠤᠯᠠ | ᠪᠠᠯᠭᠠᠰᠤ ᠪᠣᠯᠤᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ ᠲᠠᠢ | ᠬᠠᠮᠲᠤᠷᠠᠨ ᠲᠠᠷᠢᠶᠠᠨ ᠭᠠᠵᠠᠷ ᠤᠨ ᠪᠥᠬᠦ ᠲᠠᠯ᠎ᠠ ᠶᠢᠨ᠂ ᠣᠯᠠᠨ ᠲᠠᠰ ᠳᠠᠪᠬᠤᠷᠭ᠎ᠠ ᠶᠢᠨ ᠲᠤᠭ᠎ᠠ ᠬᠡᠮᠵᠢᠶ᠎ᠡ᠂ ᠶᠠᠰᠤ | ᠴᠢᠨᠠᠷ᠂ ᠬᠡᠷᠡᠭᠴᠡᠭᠡ᠂ ᠣᠳᠣᠬᠢ ᠪᠠᠶᠢᠳᠠᠯ ᠢ ᠲᠤᠬᠠᠶ ᠶᠢᠨ ᠭᠠᠵᠠᠷ ᠲᠤᠨᠢ ᠤᠶᠢᠯᠠᠭᠠᠨ ᠵᠢᠭᠰᠠᠭᠠᠵᠤ᠂ ᠲᠠᠷᠢᠶᠠᠨ | ᠭᠠᠵᠠᠷ ᠤᠨ ᠬᠠᠮᠠᠭᠠᠯᠠᠯᠲᠠ ᠶᠢᠨ ᠬᠠᠷᠢᠭᠤᠴᠠᠯᠭ᠎ᠠ ᠶᠢᠨ ᠭᠤᠤᠯ ᠴᠣᠭᠴᠠ ᠶᠢ ᠲᠣᠳᠣᠷᠬᠠᠶᠢᠯᠠᠨ᠂ ᠬᠠᠷᠢᠶ᠎ᠠ ᠭᠠᠵᠠᠷ ᠤᠨ | ᠬᠠᠮᠢᠶᠠᠷᠤᠯᠲᠠ ᠶᠢ ᠠᠬᠢᠭᠤᠯᠵᠤ᠂ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠶᠢ ᠪᠠᠭᠠᠰᠬᠠᠬᠤ ᠥᠬᠡᠶ᠂ ᠶᠠᠰᠤ ᠴᠢᠨᠠᠷ ᠢ | ᠪᠠᠭᠤᠷᠠᠭᠤᠯᠬᠤ ᠥᠬᠡᠶ ᠪᠠᠶᠢᠬᠤ ᠶᠢ ᠪᠠᠲᠤᠯᠠᠵᠤ᠂ ᠮᠠᠨ ᠤ ᠲᠤᠭᠤᠷᠢᠭ ᠤᠨ ᠲᠠᠷᠢᠶᠠᠯᠠᠩ ᠤᠨ ᠦᠷᠭᠦᠯᠵᠢᠯᠡᠬᠦ | ᠬᠥᠭᠵᠢᠯᠲᠡ ᠶᠢ ᠦᠨᠡᠨ ᠬᠦ ᠪᠡᠶᠡᠯᠡᠭᠦᠯᠦᠨ᠎ᠡ︾ ᠭᠡᠵᠦ ᠬᠡᠯᠡᠪᠡ᠃ | ᠲᠠᠷᠢᠶᠠᠨ ᠭᠠᠵᠠᠷ ᠢ ᠬᠠᠮᠠᠭᠠᠯᠠᠬᠤ ᠨᠢ ᠨᠢᠭᠡ ᠵᠦᠢᠯ ᠤᠨ ᠰᠢᠰᠲ᠋ᠧᠮᠲᠦ ᠢᠨᠵᠧᠨᠧᠷᠢᠩ ᠪᠣᠯᠤᠭᠰᠠᠨ ᠤ ᠬᠤᠪᠢ ᠳᠤ᠂ | ᠲᠤᠭ᠎ᠠ ᠬᠡᠮᠵᠢᠶ᠎ᠡ ᠶᠠᠰᠤ ᠴᠢᠨᠠᠷ ᠢ ᠵᠡᠷᠭᠡ ᠪᠠᠷ ᠴᠢᠬᠤᠯᠠᠴᠢᠯᠠᠬᠤ᠂ ᠬᠠᠤᠯᠢ ᠶᠢ ᠴᠢᠩᠭ᠎ᠠ ᠬᠡᠷᠡᠭᠵᠢᠭᠦᠯᠬᠦ᠂ ᠰᠢᠰᠲ᠋ᠧᠮ ᠲᠠᠢ | ᠠᠬᠢᠭᠤᠯᠬᠤ᠂ ᠡᠭᠦᠷᠢᠳᠡ ᠦᠷᠭᠦᠯᠵᠢᠯᠡᠨ ᠠᠰᠢᠭᠯᠠᠬᠤ ᠵᠡᠷᠭᠡ ᠴᠢᠬᠤᠯᠠ ᠶᠡᠭᠡ ᠱᠠᠭᠠᠷᠳᠠᠯᠭ᠎ᠠ ᠶᠢ ᠲᠤᠪᠤᠶᠢᠯᠭᠠᠨ | ᠰᠠᠶᠢᠲᠤᠷ ᠡᠵᠡᠮᠳᠡᠵᠦ᠂ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠠᠷᠢᠶᠠᠨ | ᠭᠠᠵᠠᠷ ᠤᠨ ᠶᠠᠰᠤ ᠴᠢᠨᠠᠷ ᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠲᠠᠷᠢᠶᠠᠨ ᠭᠠᠵᠠᠷ ᠤᠨ ︽ᠡᠵᠡᠯᠡᠬᠦ | ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ︾ ᠪᠠ ︽ᠣᠷᠣᠵᠤ ᠭᠠᠷᠬᠤ ᠶᠢ ᠲᠡᠩᠴᠡᠭᠦᠷᠢᠲᠡᠶ ᠪᠠᠶᠢᠯᠭᠠᠬᠤ︾ | ᠠᠵᠢᠯ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠬᠠᠶᠢᠷᠤᠪ ᠤᠨ ᠲᠤᠬᠤᠢ ᠲᠣᠭᠤᠷᠢᠭ ᠤᠨ ᠬᠢᠨ ᠲᠠᠷᠢᠶᠠᠨ | ᠭᠠᠵᠠᠷ ᠢ ᠬᠠᠮᠠᠭᠠᠯᠠᠬᠤ ᠠᠵᠢᠯ ᠢ ᠴᠢᠩᠭ᠎ᠠ ᠬᠦᠭ ᠠᠶᠠᠰ ᠢᠶᠠᠷ ᠠᠬᠢᠭᠤᠯᠵᠤ᠂ ᠰᠡᠳᠦᠪ ᠢ ᠢᠯᠡᠷᠡᠭᠦᠯᠬᠦ ᠠᠴᠠ ᠰᠡᠳᠦᠪ ᠢ | ᠰᠢᠢᠳᠪᠦᠷᠢᠯᠡᠵᠦ᠂ ᠪᠠᠭ᠎ᠠ ᠢᠯᠠᠯᠲᠠ ᠶᠢ ᠬᠤᠷᠠᠮᠳᠤᠭᠤᠯᠤᠨ ᠶᠡᠭᠡ ᠢᠯᠠᠯᠲᠠ ᠪᠣᠯᠭᠠᠵᠤ᠂ ᠠᠮᠤ ᠪᠤᠳᠠᠭᠠᠨ ᠤ ᠠᠮᠤᠷ | ᠲᠦᠪᠰᠢᠨ ᠤ ︽ᠲᠠᠷᠢᠶᠠᠯᠠᠬᠤ︾ ᠰᠠᠭᠤᠷᠢ ᠶᠢ ᠪᠦᠬᠦ ᠬᠦᠴᠦᠨ ᠢᠶᠠᠷ ᠢᠶᠠᠨ ᠪᠠᠬᠢᠵᠢᠭᠦᠯᠵᠦ᠂ ᠦᠵᠡᠰᠬᠦᠯᠡᠩᠲᠦ | ᠰᠠᠶᠢᠬᠠᠨ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠪᠠᠷ ᠴᠢᠷᠮᠠᠶᠢᠵᠤ᠂ ᠦᠵᠡᠰᠬᠦᠯᠡᠩᠲᠦ ᠰᠠᠶᠢᠬᠠᠨ ᠬᠠᠶᠢᠷᠤᠪ ᠤᠨ | ᠲᠤᠬᠤᠢ ᠶᠢᠨ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠨ᠎ᠠ᠃ | |