5 ᠰᠠᠷ᠎ᠠ ᠶᠢᠨ 9 ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ | ᠵᠥᠪᠯᠡᠯ᠂ ᠯᠢᠨ ᠶᠢᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ᠂ ᠬᠠᠢ ᠰᠢᠨ ᠨᠡᠶᠢᠭᠡᠮ ᠲᠣᠭᠤᠷᠢᠭ ᠤᠨ | ᠨᠠᠮ ᠤᠨ ᠬᠤᠷᠢᠶ᠎ᠠ ᠬᠠᠮᠲᠤᠪᠠᠷ ︽ᠦᠨᠳᠦᠰᠦᠲᠡᠨ ᠨᠦᠭᠦᠳ ᠪᠦᠯᠬᠦᠮᠳᠡᠨ ᠨᠢᠭᠡ ᠰᠡᠳᠬᠢᠯ ᠬᠥᠷᠰᠢ | ᠵᠡᠷᠭᠡᠯᠡᠳᠡᠭᠡ ᠶᠢᠨ ᠬᠢᠨ ᠵᠣᠯ ᠵᠢᠷᠭᠠᠯ ᠲᠠᠢ ᠨᠢᠭᠡ ᠭᠡᠷ ᠤᠨ ᠬᠥᠮᠦᠨ ᠮᠡᠲᠦ ᠳᠣᠲᠣᠨᠣ︾ ᠦᠨᠳᠦᠰᠦᠲᠡᠨ ᠤ ᠲᠦᠷᠦ ᠶᠢᠨ | ᠪᠤᠳᠤᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢᠨ | ᠠᠵᠢᠯᠯᠠᠭ᠎ᠠ ᠥᠷᠨᠢᠭᠦᠯᠪᠡ᠃ | | | | | ᠲᠣᠭᠯᠠᠯᠲᠠ ᠶᠢᠨ ᠲᠤᠬᠠᠢ ᠶᠢᠨ ᠲᠠᠯᠠᠪᠠᠢ ᠳᠤ᠂ ᠴᠠᠷᠭᠢᠯ ᠬᠤᠯᠪᠣᠭ᠎ᠠ ᠨᠢ ︽ᠨᠠᠮ ᠤᠨ ᠠᠴᠢ ᠶᠢ ᠮᠡᠳᠡᠷᠡᠵᠦ᠂ | ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠨ᠎ᠠ︾ ᠭᠡᠬᠦ ᠠᠮᠢᠳᠤᠯᠢᠭ ᠦᠭᠡ ᠬᠡᠯᠡ ᠪᠠ ᠬᠥᠭ ᠠᠶᠠᠰ ᠢᠶᠠᠷ | ᠨᠠᠮ ᠳᠠᠭᠠᠨ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠳᠠᠮᠵᠢᠭᠤᠯᠪᠠ︔ ︽ᠪᠢ ᠪᠣᠯᠤᠨ ᠮᠢᠨᠦ ᠡᠬᠡ ᠤᠯᠤᠰ︾ ᠭᠡᠬᠦ | ᠳᠠᠭᠤᠤ ᠨᠢ ᠬᠥᠮᠦᠨ ᠨᠢᠭᠡᠪᠦᠷᠢ ᠶᠢᠨ ᠡᠬᠡ ᠤᠯᠤᠰ ᠲᠠᠭᠠᠨ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠳᠠᠭᠤᠯᠠᠪᠠ᠃ | ᠰᠠᠭᠤᠭᠠᠯᠢ ᠠᠷᠠᠳ ᠦᠨᠳᠦᠰᠦᠲᠡᠨ ᠤ ᠪᠦᠯᠬᠦᠮᠳᠡᠯ ᠤᠨ ᠬᠦᠴᠦᠨ ᠴᠢᠳᠠᠯ ᠪᠠ ᠬᠠᠶᠢᠷ᠎ᠠ ᠬᠠᠯᠠᠮᠵᠢ ᠶᠢ ᠬᠠᠮᠲᠤ ᠪᠠᠷ | ᠮᠡᠳᠡᠷᠡᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ | ᠲᠡᠷᠭᠡᠯᠰᠢᠭᠦᠯᠬᠦ ᠶᠢᠨ ᠲᠥᠯᠥᠭᠡ ᠬᠠᠮᠲᠤ ᠪᠠᠷ ᠴᠢᠷᠮᠠᠶᠢᠨ ᠲᠡᠮᠡᠴᠡᠬᠦ ᠢᠲᠡᠭᠡᠯ ᠵᠣᠷᠢᠭ ᠢᠶᠠᠨ ᠨᠡᠩ ᠪᠠᠲᠤᠳᠬᠠᠪᠠ᠃ | | | | | ᠲᠣᠭᠯᠠᠯᠲᠠ ᠶᠢᠨ ᠵᠠᠪᠰᠠᠷ ᠲᠤ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠲᠤᠬᠠᠶ ᠶᠢᠨ ᠲᠠᠯᠠᠪᠤᠷ ᠤᠨ | ᠬᠠᠷᠢᠯᠴᠠᠨ ᠬᠥᠳᠡᠯᠦᠯᠴᠡᠵᠦ ᠰᠡᠳᠦᠪ ᠬᠠᠷᠢᠭᠤᠯᠬᠤ ᠭᠤᠭᠴᠤᠭ᠎ᠠ ᠶᠢ ᠬᠤᠯᠪᠣᠵᠤ᠂ ᠦᠵᠡᠭᠴᠢᠳ ᠤᠨ ᠪᠠᠶᠠᠷ | ᠪᠠᠶᠠᠰᠬᠤᠯᠠᠩᠲᠤ ᠠᠭᠤᠷ ᠠᠮᠢᠰᠬᠤᠯ ᠤᠨ ᠳᠤᠮᠳᠠ ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠪᠠ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠮᠡᠳᠡᠯᠭᠡ ᠶᠢᠨ ᠲᠤᠬᠠᠶ ᠣᠶᠢᠯᠠᠭᠠᠯᠲᠠ ᠪᠠ ᠮᠡᠳᠡᠷᠡᠮᠵᠢ ᠶᠢ | ᠭᠦᠨᠵᠡᠭᠡᠶᠢᠷᠡᠭᠦᠯᠪᠡ᠃ ᠣᠯᠠᠨ ᠢᠶᠠᠷ ᠢᠶᠠᠨ ᠭᠠᠷ ᠡᠷᠭᠦᠨ ᠵᠠᠪᠳᠤᠨ ᠬᠠᠷᠢᠭᠤᠯᠵᠤ᠂ ᠢᠳᠡᠪᠬᠢᠲᠡᠶ ᠪᠠᠷ ᠣᠷᠣᠯᠴᠠᠨ᠂ | ᠠᠵᠢᠯᠯᠠᠭ᠎ᠠ ᠶᠢᠨ ᠰᠣᠨᠢᠷᠬᠠᠯᠳᠤ ᠴᠢᠨᠠᠷ ᠪᠠ ᠨᠥᠯᠥᠭᠡᠯᠡᠯᠴᠡᠬᠦ ᠴᠢᠨᠠᠷ ᠢ ᠨᠡᠮᠡᠭᠳᠡᠭᠦᠯᠵᠡᠶ᠃ | | | | ᠠᠵᠢᠯᠯᠠᠭ᠎ᠠ ᠨᠢ ᠪᠠᠰᠠ ᠤᠷᠠᠨ ᠪᠢᠴᠢᠯᠭᠡ ᠶᠢᠨ ᠨᠡᠶᠢᠭᠡᠮᠯᠢᠭ ᠤᠨ ᠪᠠᠭᠰᠢ ᠨᠠᠷ ᠢ ᠲᠤᠰᠬᠠᠶᠢᠯᠠᠨ ᠤᠷᠢᠵᠤ | ᠵᠢᠭᠰᠠᠭᠠᠯ ᠳᠤ ᠣᠷᠣᠯᠴᠠᠭᠤᠯᠵᠤ᠂ ︽ᠦᠨᠳᠦᠰᠦᠲᠡᠨ ᠨᠦᠭᠦᠳ ᠪᠦᠯᠬᠦᠮᠳᠡᠨ ᠨᠢᠭᠡ ᠬᠡᠷ ᠪᠦᠯᠢ ᠮᠡᠲᠦ ᠳᠣᠲᠣᠨᠣ᠂ | ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ︾ ᠤᠷᠠᠨ ᠪᠢᠴᠢᠯᠭᠡ ᠶᠢᠨ ᠪᠦᠲᠦᠭᠡᠯ ᠢ | ᠪᠢᠴᠢᠭᠯᠡᠵᠦ᠂ ᠤᠷᠠᠨ ᠪᠢᠴᠢᠯᠭᠡ ᠶᠢᠨ ᠤᠷᠠᠯᠢᠭ ᠤᠨ ᠷᠢᠳᠢ ᠰᠢᠳᠢ ᠶᠢ ᠳᠡᠯᠭᠡᠨ ᠦᠵᠡᠭᠦᠯᠦᠭᠰᠡᠨ ᠢᠶᠠᠷ ᠪᠠᠷᠠᠬᠤ ᠥᠬᠡᠶ | ᠪᠠᠰᠠ ᠦᠨᠳᠦᠰᠦᠲᠡᠨ ᠤ ᠪᠦᠯᠬᠦᠮᠳᠡᠯ ᠪᠠ ᠡᠬᠡ ᠤᠯᠤᠰ ᠤᠨ ᠬᠥᠭᠵᠢᠯ ᠴᠡᠴᠡᠭᠯᠡᠯ ᠳᠤ ᠰᠠᠶᠢᠨ ᠰᠠᠶᠢᠬᠠᠨ ᠬᠦᠰᠡᠯ | ᠵᠥᠩᠨᠡᠯ ᠢᠶᠠᠨ ᠢᠯᠡᠳᠬᠡᠵᠡᠢ᠃ | ᠡᠭᠦᠨ ᠠᠴᠠ ᠭᠠᠳᠠᠨ᠎ᠠ᠂ ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ ᠲᠥᠷᠥ ᠶᠢᠨ ᠪᠣᠳᠣᠯᠭ᠎ᠠ ᠶᠢᠨ | ᠤᠬᠠᠭᠤᠯᠭ᠎ᠠ ᠶᠢᠨ ᠲᠠᠪᠴᠠᠩ ᠭᠠᠷᠭᠠᠵᠤ᠂ ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠴᠠᠭᠠᠵᠠ ᠬᠠᠤᠯᠢ | ᠲᠣᠭᠲᠠᠭᠠᠯ ᠤᠨ ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠲᠡ 200 ᠭᠠᠷᠤᠶ ᠬᠤᠪᠢ᠂ ᠤᠬᠠᠭᠤᠯᠭ᠎ᠠ ᠶᠢᠨ | ᠮᠠᠲ᠋ᠧᠷᠢᠶᠠᠯ ᠢ 100 ᠭᠠᠷᠤᠶ ᠬᠤᠪᠢ ᠲᠠᠷᠬᠠᠭᠠᠪᠠ᠃ ᠨᠡᠶᠢᠭᠡᠮ ᠲᠣᠭᠤᠷᠢᠭ ᠤᠨ ᠠᠵᠢᠯᠲᠠᠳ ᠣᠶᠢᠯᠠᠭᠠᠮᠵᠢᠲᠠᠶ ᠦᠭᠡ | ᠬᠡᠯᠡ ᠪᠠᠷ ᠣᠯᠠᠨ ᠲᠦᠮᠡᠨ ᠳᠤ ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠴᠠᠭᠠᠵᠠ ᠬᠠᠤᠯᠢ ᠲᠣᠭᠲᠠᠭᠠᠯ ᠤᠨ | ᠮᠡᠳᠡᠯᠭᠡ ᠶᠢ ᠤᠬᠠᠭᠤᠯᠵᠤ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ | ᠲᠣᠭᠲᠠᠭᠠᠯ ᠢ ᠣᠯᠠᠨ ᠲᠦᠮᠡᠨ ᠤ ᠡᠳᠦᠷ ᠲᠤᠲᠤᠮ ᠤᠨ ᠠᠮᠢᠳᠤᠷᠠᠯ ᠳᠤ ᠠᠭᠤᠰᠬᠠᠨ ᠣᠷᠣᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤ ᠪᠠᠬᠢ ᠪᠣᠶ ᠪᠣᠯᠭᠠᠵᠤ᠂ | ᠡᠶ᠎ᠡ ᠵᠣᠬᠢᠴᠠᠯ ᠲᠠᠢ ᠬᠠᠮᠲᠤ ᠪᠠᠷ ᠠᠭᠤᠰᠤᠯᠴᠠᠭᠰᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠪᠠ᠃ | ᠠᠵᠢᠯᠯᠠᠭ᠎ᠠ ᠨᠢ ᠰᠠᠭᠤᠭᠠᠯᠢ ᠠᠷᠠᠳ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ | ᠪᠠᠰᠠ ᠦᠨᠳᠦᠰᠦᠲᠡᠨ ᠨᠦᠭᠦᠳ ᠤᠨ ᠤᠯᠠᠨ ᠲᠦᠮᠡᠨ ᠤ ᠦᠨᠳᠦᠰᠦᠲᠡᠨ ᠤ ᠲᠦᠷᠦ ᠶᠢᠨ ᠪᠤᠳᠤᠯᠭ᠎ᠠ ᠶᠢᠨ ᠲᠤᠬᠠᠢ | ᠣᠶᠢᠯᠠᠭᠠᠯᠲᠠ ᠶᠢ ᠨᠡᠮᠡᠭᠳᠡᠭᠦᠯᠵᠦ᠂ ᠦᠨᠳᠦᠰᠦᠲᠡᠨ ᠤ ᠪᠦᠯᠬᠦᠮᠳᠡᠯ ᠤᠨ ᠦᠷ᠎ᠡ ᠶᠢ ᠬᠥᠮᠦᠨ ᠨᠢᠭᠡᠪᠦᠷᠢ ᠶᠢᠨ | ᠰᠡᠳᠬᠢᠯ ᠳᠤ ᠦᠨᠳᠦᠰᠦᠯᠡᠭᠦᠯᠦᠨ ᠰᠣᠶᠣᠭᠠᠯᠠᠭᠤᠯᠪᠠ᠃ ᠬᠠᠶᠢᠷᠤᠪ ᠤᠨ ᠲᠤᠬᠤᠢ ᠲᠣᠭᠤᠷᠢᠭ ᠤᠨ ᠬᠢᠨ ᠶᠡᠷᠦᠩᠬᠡᠢ | ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ | ᠰᠠᠨᠠᠭ᠎ᠠ ᠶᠢ ᠦᠷᠭᠦᠯᠵᠢᠯᠡᠨ ᠭᠦᠨᠵᠡᠭᠡᠢ ᠲᠤᠭᠤᠰᠢᠯᠠᠭᠤᠯᠵᠤ᠂ ᠨᠠᠮ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ | ᠪᠣᠯᠤᠨ ᠬᠠᠤᠯᠢ ᠴᠠᠭᠠᠵᠠ ᠬᠠᠤᠯᠢ ᠲᠣᠭᠲᠠᠭᠠᠯ ᠢ ︽ᠡᠭᠡᠯ ᠠᠷᠠᠳ ᠤᠨ ᠭᠡᠷ ᠲᠤ ᠣᠷᠣᠭᠤᠯᠵᠤ︾᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠱᠤᠭᠤᠮ ᠤᠨ | ᠱᠠᠭᠠᠷᠳᠠᠯᠭ᠎ᠠ ᠶᠢ ᠦᠨᠡᠨ ᠬᠦ ᠪᠣᠳᠠᠲᠠᠢ ᠳᠤ ᠨᠠᠶᠢᠳᠠᠪᠤᠷᠢᠵᠢᠭᠤᠯᠤᠨ᠎ᠠ᠃ |