ᠰᠠᠶᠢᠨ ᠴᠢᠮᠡᠭᠡ︕
ᠨᠡᠶᠢᠲᠡᠯᠡᠭᠰᠡᠨ ᠴᠠᠭ᠄
2024/5/15
    ᠣᠶᠢᠷ᠎ᠠ ᠳᠤ᠂ ᠰᠤᠷᠪᠤᠯᠵᠢᠯᠠᠭᠴᠢ ᠬᠠᠶᠢᠷᠤᠪ ᠤᠨ ᠲᠣᠬᠤᠶ ᠲᠣᠭᠤᠷᠢᠭ ᠤᠨ ᠵᠡᠭᠦᠨ ᠲᠣᠭᠤᠷᠢᠯ ᠵᠠᠮ ︵S217 ᠲᠤᠰᠠᠯᠠᠬᠤ ᠵᠠᠮ︶᠎ ᠤᠨ ᠵᠠᠮ ᠤᠨ ᠪᠠᠷᠢᠯᠭ᠎ᠠ ᠵᠢᠴᠢ ᠢᠵᠢ ᠪᠥᠷᠢᠳᠦᠭᠦᠯᠬᠦ ᠪᠠᠷᠢᠯᠭ᠎ᠠ ᠶᠢᠨ ᠲᠥᠷᠥᠯ ᠵᠤᠶᠢᠯ ᠤᠨ ᠪᠠᠷᠢᠯᠭ᠎ᠠ ᠶᠢᠨ ᠲᠤᠬᠠᠶ ᠶᠢᠨ ᠲᠠᠯᠠᠪᠠᠶ ᠳᠤ ᠪᠠᠷᠢᠯᠭ᠎ᠠ ᠶᠢᠨ ᠵᠠᠮ ᠤᠨ ᠬᠡᠰᠡᠭ ᠲᠤ ᠤᠬᠤᠭᠤᠷ ᠮᠠᠰᠢᠨ᠂ ᠤᠰᠤ ᠰᠦᠷᠴᠢᠬᠦ ᠲᠡᠷᠭᠡ ᠵᠡᠷᠭᠡ ᠡᠯ᠎ᠡ ᠵᠤᠶᠢᠯ ᠤᠨ ᠮᠠᠰᠢᠨ ᠲᠡᠷᠭᠡ ᠨᠠᠰᠢ ᠴᠠᠰᠢ ᠰᠦᠯᠵᠢᠯᠳᠦᠵᠦ᠂ ᠠᠵᠢᠯᠴᠢᠳ ᠵᠠᠮ ᠤᠨ ᠬᠤᠶᠠᠷ ᠬᠠᠵᠠᠭᠤ ᠶᠢᠨ ᠶᠠᠪᠠᠭᠠᠨ ᠬᠥᠮᠦᠨ ᠤ ᠵᠠᠮ ᠢ ᠲᠡᠭᠰᠢᠯᠡᠵᠦ᠂ ᠪᠠᠷᠢᠯᠭ᠎ᠠ ᠶᠢᠨ ᠲᠤᠬᠠᠶ ᠶᠢᠨ ᠲᠠᠯᠠᠪᠠᠶ ᠳᠤ ᠬᠥᠷ ᠬᠥᠭᠵᠢᠶᠡᠨ ᠢᠶᠠᠷ ᠪᠢᠯᠬᠠᠵᠤ ᠪᠠᠶᠢᠬᠤ ᠶᠢ ᠤᠯᠵᠤ ᠬᠠᠷᠠᠪᠠ᠃
       ︽ᠣᠳᠣᠬᠠᠨ ᠳᠤ᠂ ᠪᠢᠳᠡ ᠨᠢᠭᠡᠨᠲᠡ ᠲᠣᠰ ᠲᠥᠷᠥᠯ ᠵᠦᠢᠯ ᠤᠨ 1 ᠳ᠋ᠦ᠋ᠭᠡᠷ ᠲᠣᠭᠠᠲᠤ᠂ 3 ᠳ᠋ᠤᠭᠠᠷ ᠲᠣᠭᠠᠲᠤ᠂ 4 ᠳ᠋ᠦᠭᠡᠷ ᠲᠣᠭᠠᠲᠤ ᠲᠤᠰᠠᠯᠠᠬᠤ ᠵᠠᠮ ᠤᠨ ᠵᠠᠮ ᠤᠨ ᠰᠠᠭᠤᠷᠢ᠂ ᠵᠠᠮ ᠤᠨ ᠭᠠᠳᠠᠷᠭᠤ᠂ ᠤᠰᠤ ᠬᠠᠩᠭᠠᠵᠤ ᠤᠰᠤ ᠵᠠᠯᠠᠬᠤ᠂ ᠨᠣᠭᠤᠭᠠᠷᠠᠭᠤᠯᠤᠯᠲᠠ ᠶᠢᠨ ᠬᠤᠭᠤᠯᠠᠶ ᠶᠢᠨ ᠲᠣᠤᠷ ᠵᠡᠷᠭᠡ ᠢᠨᠵᠧᠨᠧᠷᠢᠩ ᠢ ᠪᠡᠶᠡᠯᠡᠭᠦᠯᠵᠦ᠂ ᠡᠨᠡ ᠵᠢᠯ ᠶᠠᠪᠠᠭᠠᠨ ᠬᠥᠮᠦᠨ ᠤ ᠵᠠᠮ ᠢ ᠬᠠᠲᠠᠭᠤᠷᠠᠭᠤᠯᠬᠤ᠂ ᠭᠡᠷᠡᠯᠲᠦᠭᠦᠯᠭᠡ ᠶᠢᠨ ᠢᠨᠵᠧᠨᠧᠷᠢᠩ᠂ ᠤᠶᠤᠨᠲᠤ ᠵᠠᠮ ᠬᠠᠷᠢᠯᠴᠠᠭᠠᠨ ᠤ ᠢᠨᠵᠧᠨᠧᠷᠢᠩ ᠵᠡᠷᠭᠡ ᠶᠢ ᠪᠡᠶᠡᠯᠡᠭᠦᠯᠬᠦ ᠪᠠᠷ ᠲᠥᠯᠥᠪᠯᠡᠵᠦ ᠪᠣᠶ︾ ᠭᠡᠵᠦ ᠬᠡᠯᠡᠪᠡ᠃ ᠬᠠᠶᠢᠷᠤᠪ ᠤᠨ ᠲᠣᠬᠤᠢ ᠲᠣᠭᠤᠷᠢᠭ ᠤᠨ ᠳ᠋ᠦᠩ ᠬᠤᠸᠠᠨ ᠵᠠᠮ ︵S217 ᠳ᠋ᠤᠭᠠᠷ ᠵᠠᠮ ᠤᠨ ᠢᠨᠵᠧᠨᠧᠷᠢᠩ︶ ᠵᠢᠴᠢ ᠢᠵᠢ ᠪᠦᠷᠢᠳᠦᠭᠦᠯᠬᠦ ᠢᠨᠵᠧᠨᠧᠷᠢᠩ ᠤᠨ ᠲᠥᠷᠥᠯ ᠵᠦᠢᠯ ᠤᠨ 4 ᠳ᠋ᠦᠭᠡᠷ ᠲᠣᠭᠠᠲᠤ ᠲᠤᠰᠠᠯᠠᠬᠤ ᠵᠠᠮ ᠤᠨ ᠲᠤᠬᠠᠶ ᠶᠢᠨ ᠲᠠᠯᠠᠪᠠᠢ ᠶᠢᠨ ᠬᠠᠷᠢᠭᠤᠴᠠᠯᠭᠠᠲᠠᠨ ᠵᠣᠣ ᠺᠠᠶ ᠵᠢᠶ ᠬᠡᠯᠡᠪᠡ᠃
    ᠬᠠᠶᠢᠷᠤᠪ ᠤᠨ ᠲᠣᠬᠤᠢ ᠲᠣᠭᠤᠷᠢᠭ ᠤᠨ ᠳ᠋ᠦᠩ ᠬᠤᠸᠠᠨ ᠵᠠᠮ ︵S217 ᠲᠤᠰᠠᠯᠠᠬᠤ ᠵᠠᠮ︶᠎ ᠤᠨ ᠵᠠᠮ ᠤᠨ ᠪᠠᠷᠢᠯᠭ᠎ᠠ ᠵᠢᠴᠢ ᠢᠵᠢ ᠪᠦᠷᠢᠳᠦᠭᠦᠯᠬᠦ ᠢᠨᠵᠧᠨᠧᠷᠢᠩ ᠤᠨ ᠲᠥᠷᠥᠯ ᠵᠦᠢᠯ ᠨᠢ ᠮᠤᠵᠢ ᠶᠢᠨ ᠵᠠᠮ ᠤᠨ 217 ᠬᠠᠶᠢᠷᠤᠪ ᠤᠨ ᠲᠣᠬᠤᠢ ᠶᠢᠨ ᠬᠤᠲᠠ ᠶᠢ ᠲᠣᠭᠤᠷᠢᠭᠰᠠᠨ ᠬᠡᠰᠡᠭ ᠤᠨ ᠬᠤᠶᠠᠷ ᠬᠠᠵᠠᠭᠤ ᠪᠠ ᠬᠠᠢ ᠳ᠋ᠠ ᠵᠡᠭᠡᠯᠢ ᠶᠢᠨ ᠤᠷᠲᠤᠳᠬᠠᠭᠰᠠᠨ ᠱᠤᠭᠤᠮ ᠳᠤ ᠪᠠᠶᠢᠷᠢᠯᠠᠵᠤ᠂ ᠵᠠᠮ ᠨᠢ ᠾᠧ ᠫᠢᠩ ᠵᠡᠭᠦᠨ ᠵᠡᠭᠡᠯᠢ ᠠᠴᠠ ᠡᠬᠢᠯᠡᠵᠦ᠂ ᠪᠦᠬᠦ ᠣᠷᠳᠣ ᠨᠢ 5.17 ᠺᠢᠯᠤᠮᠧᠲᠷ᠂ ᠲᠥᠷᠥᠯ ᠵᠦᠢᠯ ᠤᠨ ᠶᠡᠷᠦᠩᠬᠡᠶ ᠪᠡᠯᠡ ᠣᠷᠣᠭᠤᠯᠤᠯᠲᠠ ᠨᠢ ᠪᠠᠷᠤᠭ 8000 ᠲᠦᠮᠡᠨ ᠲᠥᠭᠦᠷᠢᠭ ᠪᠣᠯᠤᠨ᠎ᠠ᠃  ᠲᠥᠷᠥᠯ ᠵᠦᠢᠯ ᠢ 4 ᠰᠠᠷ᠎ᠠ ᠶᠢᠨ ᠳᠤᠮᠳᠠᠴᠢ ᠪᠠᠷ ᠠᠵᠢᠯ ᠡᠬᠢᠯᠡᠭᠦᠯᠵᠦ᠂ ᠶᠠᠪᠠᠭᠠᠨ ᠬᠥᠮᠦᠨ ᠤ ᠵᠠᠮ ᠵᠢᠴᠢ ᠨᠣᠭᠤᠭᠠᠷᠠᠭᠤᠯᠤᠯᠲᠠ ᠶᠢᠨ ᠬᠤᠭᠤᠯᠠᠶ ᠶᠢᠨ ᠲᠣᠤᠷ ᠤᠨ ᠪᠠᠷᠢᠯᠭ᠎ᠠ ᠶᠢᠨ ᠠᠵᠢᠯ ᠲᠠᠢ ᠬᠤᠯᠪᠣᠭᠳᠠᠵᠤ᠂ 6 ᠰᠠᠷ᠎ᠠ ᠶᠢᠨ ᠰᠡᠭᠦᠯᠴᠢ ᠪᠠᠷ ᠠᠵᠢᠯ ᠢᠶᠠᠨ ᠳᠠᠭᠤᠰᠬᠠᠬᠤ ᠪᠠᠷ ᠲᠥᠯᠥᠪᠯᠡᠵᠦ ᠪᠠᠶᠢᠨ᠎ᠠ᠃    ︽ᠲᠥᠷᠥᠯ ᠵᠦᠢᠯ ᠳᠠᠭᠤᠰᠤᠭᠰᠠᠨ ᠤ ᠳᠠᠷᠠᠭ᠎ᠠ᠂ ᠡᠾᠧ ᠫᠢᠩ ᠵᠡᠭᠦᠨ ᠵᠡᠭᠡᠯᠢ ᠠᠴᠠ ᠬᠠᠶᠢᠯᠠᠷ ᠵᠠᠮ ᠬᠦᠷᠲᠡᠯᠡᠬᠢ 10 ᠵᠤᠷᠪᠤᠰ ᠬᠤᠲᠠ ᠶᠢᠨ ᠲᠣᠭᠤᠷᠢᠭ ᠤᠨ ᠵᠡᠭᠡᠯᠢ ᠭᠤᠳᠤᠮᠵᠢ ᠶᠢ ᠡᠮᠬᠢ ᠵᠢᠷᠤᠮ ᠲᠠᠢ ᠬᠤᠯᠪᠣᠵᠤ᠂ ᠮᠤᠵᠢ ᠶᠢᠨ ᠵᠠᠮ 217 ᠬᠠᠶᠢᠷᠤᠪ ᠤᠨ ᠲᠣᠬᠤᠢ ᠶᠢᠨ ᠬᠤᠲᠠ ᠶᠢ ᠲᠣᠭᠤᠷᠢᠭᠰᠠᠨ ᠬᠡᠰᠡᠭ ᠤᠨ ᠭᠤᠤᠯ ᠲᠤᠰᠠᠯᠠᠬᠤ ᠵᠠᠮ ᠤᠨ ᠵᠠᠮ ᠬᠠᠷᠢᠯᠴᠠᠭ᠎ᠠ ᠶᠢ ᠰᠠᠯᠭᠠᠬᠤ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠤᠲᠠ ᠶᠢᠨ ᠲᠣᠭᠤᠷᠢᠭ ᠤᠨ ︿ᠪᠢᠴᠢᠯ ᠡᠷᠭᠢᠯᠲᠡ﹀᠎ ᠶᠢ ᠰᠠᠭᠠᠳ ᠥᠬᠡᠶ ᠨᠡᠪᠲᠡᠷᠡᠭᠦᠯᠵᠦ᠂ ᠬᠤᠲᠠ ᠶᠢᠨ ᠠᠷᠠᠳ ᠤᠨ ᠶᠠᠪᠤᠵᠤ ᠰᠠᠭᠤᠬᠤ ᠴᠠᠭ ᠢ ᠠᠷᠪᠢᠯᠠᠵᠤ᠂ ᠮᠠᠨ ᠤ ᠬᠤᠲᠠ ᠶᠢᠨ ᠲᠦᠷᠭᠡᠨ ᠪᠥᠭᠡᠳ ᠳᠥᠭᠦᠮ ᠳᠥᠲᠡ ᠵᠠᠮ ᠬᠠᠷᠢᠯᠴᠠᠭᠠᠨ ᠤ ᠲᠣᠤᠷ ᠰᠦᠯᠵᠢᠶ᠎ᠡ ᠶᠢ ᠪᠠᠶᠢᠭᠤᠯᠬᠤ ᠳᠤ ᠨᠠᠩ ᠠᠰᠢᠭᠲᠠᠢ ᠪᠣᠯᠵᠤ᠂ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠨ᠎ᠡ︾ ᠬᠡᠵᠡᠢ᠃ ᠬᠠᠶᠢᠷᠤᠪ ᠤᠨ ᠲᠣᠬᠤᠢ ᠲᠣᠭᠤᠷᠢᠭ ᠤᠨ ᠵᠠᠮ ᠬᠠᠷᠢᠯᠴᠠᠭᠠᠨ ᠤ ᠲᠣᠪᠴᠢᠶᠠᠨ ᠤ ᠠᠵᠢᠯᠲᠠᠨ ᠮᠣᠤ ᠵᠤ᠋ ᠴᠢᠩ ᠬᠡᠯᠡᠪᠡ᠃    
 
ᠢᠷᠡᠯᠲᠡ᠄ ᠠᠮᠢᠳᠤᠯᠢᠭ ᠬᠠᠶᠢᠷᠤᠪ ᠤᠨ ᠲᠤᠬᠤᠢ ᠲᠤᠭᠤᠷᠢᠭ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号