ᠬᠠᠮᠤᠭ ᠤᠨ ᠰᠢᠨ᠎ᠡ ᠠᠬᠢᠴᠠ︕ ᠬᠠᠶᠢᠷᠤᠪ ᠤᠨ ᠲᠤᠬᠤᠢ ᠶᠢᠨ ᠡᠮᠦᠨ᠎ᠡ ᠬᠡᠰᠡᠭ  ᠶᠡᠭᠡ ᠬᠤᠪᠢᠷᠠᠯᠲᠠ ᠲᠠᠢ ᠪᠠᠶᠢᠨ᠎ᠠ
ᠨᠡᠶᠢᠲᠡᠯᠡᠭᠰᠡᠨ ᠴᠠᠭ᠄
2024/5/15
1.png
    ᠬᠠᠶᠢᠷᠤᠪ ᠤᠨ ᠲᠣᠬᠤᠢ ᠲᠣᠭᠤᠷᠢᠭ ᠤᠨ ᠡᠮᠦᠨᠡᠲᠦ ᠬᠡᠰᠡᠭ ᠤᠨ ᠬᠤᠲᠠ ᠶᠢᠨ ᠲᠣᠭᠤᠷᠢᠭ ᠢ ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ ︵ᠨᠢᠭᠡᠳᠦᠭᠡᠷ ᠬᠤᠭᠤᠴᠠᠭ᠎ᠠ︶᠎ ᠤᠨ ᠲᠥᠷᠥᠯ ᠵᠦᠢᠯ ᠪᠣᠯ ᠬᠠᠶᠢᠷᠤᠪ ᠤᠨ ᠲᠣᠬᠤᠢ ᠲᠣᠭᠤᠷᠢᠭ ᠤᠨ ᠡᠮᠦᠨᠡᠲᠦ ᠬᠡᠰᠡᠭ ᠤᠨ ᠬᠤᠲᠠ ᠶᠢᠨ ᠲᠣᠭᠤᠷᠢᠭ ᠲᠤ ᠪᠦᠬᠦ ᠲᠠᠯ᠎ᠠ ᠶᠢᠨ᠂ ᠰᠢᠰᠲ᠋ᠧᠮᠲᠦ ᠴᠢᠨᠠᠷᠲᠠᠶ ᠥᠭᠡᠷᠡᠴᠢᠯᠡᠯᠲᠡ ᠬᠢᠵᠦ᠂ ᠰᠢᠨ᠎ᠡ ᠬᠤᠲᠠ ᠶᠢᠨ ᠲᠣᠭᠤᠷᠢᠭ ᠬᠢᠭᠡᠳ ᠬᠠᠭᠤᠴᠢᠨ ᠬᠤᠲᠠ ᠶᠢᠨ ᠲᠣᠭᠤᠷᠢᠭ ᠤᠨ ᠨᠢᠭᠡ ᠴᠣᠭᠴᠠᠵᠢᠭᠰᠠᠨ ᠵᠣᠬᠢᠴᠠᠩᠭᠤᠶ ᠬᠥᠭᠵᠢᠯᠲᠡ ᠶᠢ ᠠᠬᠢᠭᠤᠯᠵᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠵᠤ᠂ ᠠᠵᠤ ᠦᠢᠯᠡᠰ ᠤᠨ ᠪᠠᠶᠢᠷᠢᠰᠢᠯ ᠢ ᠰᠢᠯᠢᠳᠡᠭᠵᠢᠭᠦᠯᠵᠦ᠂ ᠬᠤᠲᠠ ᠶᠢᠨ ᠠᠷᠠᠳ ᠤᠨ ᠠᠮᠢᠳᠤᠷᠠᠯ ᠤᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠦᠷᠭᠦᠯᠵᠢᠯᠡᠨ ᠠᠬᠢᠭᠤᠯᠬᠤ ᠶᠠᠪᠤᠳᠠᠯ ᠪᠣᠯᠤᠨ᠎ᠠ᠃
2.png   
    ᠬᠠᠶᠢᠷᠤᠪ ᠤᠨ ᠲᠣᠬᠤᠢ ᠲᠣᠭᠤᠷᠢᠭ ᠤᠨ ᠡᠮᠦᠨ᠎ᠡ ᠬᠡᠰᠡᠭ ᠤᠨ ᠬᠤᠲᠠ ᠲᠣᠭᠤᠷᠢᠭ ᠢ ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ ︵ᠨᠢᠭᠡᠳᠦᠭᠡᠷ ᠬᠤᠭᠤᠴᠠᠭ᠎ᠠ︶᠎ ᠤᠨ ᠲᠥᠷᠥᠯ ᠵᠦᠢᠯ ᠢ ᠬᠤᠶᠠᠷ ᠵᠢᠯ ᠬᠤᠪᠢᠶᠠᠨ ᠬᠡᠷᠡᠭᠵᠢᠭᠦᠯᠵᠦ᠂ 2023 ᠣᠨ ᠳᠤ G6 ᠪᠡᠭᠡᠵᠢᠩ ᠠᠴᠠ ᠲᠥᠪᠡᠳ ᠬᠦᠷᠬᠦ ᠳᠡᠭᠡᠳᠦ ᠬᠤᠷᠳᠤ ᠶᠢᠨ ᠵᠠᠰᠠᠮᠠᠯ ᠵᠠᠮ ᠤᠨ ᠺᠠᠪᠦ᠋ᠴᠢ ᠶᠢᠨ ᠭᠠᠷᠬᠤ ᠡᠭᠦᠳᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠥᠭᠡᠷᠡᠴᠢᠯᠡᠬᠦ᠂ ᠬᠠᠶᠢᠯᠠ ᠶᠢᠨ ᠡᠮᠦᠨ᠎ᠡ ᠵᠠᠮ ᠵᠢᠴᠢ ᠬᠤᠶᠠᠷ ᠬᠠᠵᠠᠭᠤ ᠶᠢᠨ ᠬᠤᠲᠠ ᠶᠢᠨ ᠶᠠᠪᠤᠳᠠᠯ ᠤᠨ ᠶᠠᠰᠤ ᠴᠢᠨᠠᠷ ᠢ ᠳᠡᠭᠡᠭᠰᠢᠯᠡᠭᠦᠯᠦᠨ ᠥᠭᠡᠷᠡᠴᠢᠯᠡᠬᠦ ︵ᠳᠡᠭᠡᠳᠦ ᠬᠤᠷᠳᠤ ᠶᠢᠨ ᠵᠠᠰᠠᠮᠠᠯ ᠵᠠᠮ ᠤᠨ ᠠᠭᠤᠯᠵᠠᠷ ᠠᠴᠠ ᠬᠤᠲᠠ ᠬᠦᠷᠲᠡᠯᠡᠬᠢ ᠵᠠᠮ︶᠂ ᠬᠠᠢ ᠳ᠋ᠠ ᠵᠡᠭᠡᠯᠢ ᠶᠢᠨ ᠵᠡᠭᠦᠨ ᠲᠠᠯ᠎ᠠ ᠵᠢᠴᠢ ᠡᠷᠭᠢᠨ ᠲᠣᠭᠤᠷᠢᠨ ᠤ ᠵᠠᠮ ᠬᠠᠷᠢᠯᠴᠠᠭ᠎ᠠ ᠶᠢ ᠵᠠᠯᠭᠠᠵᠤ᠂ ᠡᠮᠦᠨ᠎ᠡ ᠲᠣᠰᠣ ᠨᠡᠮᠡᠬᠦ ᠥᠷᠲᠡᠭᠡ ᠶᠢᠨ ᠳᠥᠷᠪᠡᠨ ᠥᠨᠴᠥᠭᠲᠦ ᠪᠢᠴᠢᠯ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ︵ᠡᠮᠦᠨ᠎ᠡ ᠬᠡᠰᠡᠭ ᠤᠨ ᠲᠣᠰᠣ ᠨᠡᠮᠡᠬᠦ ᠥᠷᠲᠡᠭᠡ ᠵᠢᠴᠢ ᠯᠠᠯᠤ ᠶᠢᠨ ᠰᠦᠮ᠎ᠡ ᠶᠢᠨ ᠭᠠᠳᠠᠨᠠᠬᠢ ᠬᠤᠳᠠᠯᠳᠤᠭᠠᠨ ᠤ ᠨᠤᠷᠠᠭᠠᠵᠤ ᠨᠡᠭᠦᠯᠭᠡᠬᠦ ᠪᠠᠭᠲᠠᠨ᠎ᠠ︶︔ 2024 ᠣᠨ ᠳᠤ ᠪᠡᠭᠡᠵᠢᠩ ᠠᠴᠠ ᠲᠥᠪᠡᠳ ᠬᠦᠷᠬᠦ ᠳᠡᠭᠡᠳᠦ ᠬᠤᠷᠳᠤ ᠶᠢᠨ ᠵᠠᠰᠠᠮᠠᠯ ᠵᠠᠮ ᠤᠨ G6 ᠣᠷᠣᠵᠤ ᠭᠠᠷᠬᠤ ᠭᠠᠵᠠᠷ ᠤᠨ ᠠᠶᠠᠨᠴᠢᠳ ᠪᠠ ᠪᠠᠷᠠᠭ᠎ᠠ ᠶᠢᠨ ᠲᠡᠭᠡᠭᠡᠪᠦᠷᠢ ᠶᠢᠨ ᠰᠠᠯᠭᠠᠨ ᠬᠠᠮᠢᠶᠠᠷᠤᠨ ᠡᠵᠡᠮᠳᠡᠬᠦ ᠵᠢᠴᠢ ᠵᠠᠮ ᠬᠠᠷᠢᠯᠴᠠᠭᠠᠨ ᠤ ᠵᠣᠬᠢᠶᠠᠨ ᠪᠠᠶᠢᠭᠤᠯᠤᠯᠲᠠ ᠶᠢ ᠰᠠᠶᠢᠵᠢᠷᠠᠭᠤᠯᠤᠨ ᠳᠡᠭᠡᠭᠰᠢᠯᠡᠭᠦᠯᠵᠦ ᠥᠭᠡᠷᠡᠴᠢᠯᠡᠬᠦ ᠲᠥᠷᠥᠯ ᠵᠦᠢᠯ ᠢ ᠬᠡᠷᠡᠭᠵᠢᠭᠦᠯᠦᠨ᠎ᠡ᠃
3.png  
    ᠣᠳᠣᠬᠠᠨ ᠳᠤ᠂ ᠬᠠᠶᠢᠷᠤᠪ ᠤᠨ ᠲᠤᠬᠤᠢ ᠲᠣᠭᠤᠷᠢᠭ ᠤᠨ ᠡᠮᠦᠨ᠎ᠡ ᠬᠡᠰᠡᠭ ᠤᠨ ᠬᠤᠳᠠ ᠶᠢᠨ ᠲᠣᠭᠤᠷᠢᠭ ᠢ ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ ︵ᠨᠢᠭᠡᠳᠦᠭᠡᠷ ᠬᠤᠭᠤᠴᠠᠭ᠎ᠠ︶᠎ ᠤᠨ ᠲᠦᠷᠦᠯ ᠵᠦᠢᠯ ᠨᠢᠭᠡᠨᠲᠡ ᠪᠦᠬᠦ ᠲᠠᠯ᠎ᠠ ᠪᠠᠷ ᠡᠬᠢᠯᠡᠵᠦ᠂ ᠡᠯ᠎ᠡ ᠲᠦᠷᠦᠯ ᠵᠦᠢᠯ ᠶᠠᠭ ᠡᠮᠬᠢ ᠵᠢᠷᠤᠮ ᠲᠠᠢ ᠠᠬᠢᠵᠤ ᠪᠠᠶᠢᠨ᠎ᠠ᠃
4.png    
    ᠬᠠᠢ ᠳᠠ ᠵᠡᠭᠡᠯᠢ ᠶᠢᠨ ᠡᠷᠭᠢᠨ ᠲᠣᠭᠤᠷᠢᠨ ᠤ ᠵᠠᠮ ᠬᠠᠷᠢᠯᠴᠠᠭᠠᠨ ᠤ ᠲᠥᠷᠥᠯ ᠵᠦᠢᠯ᠃ ᠣᠳᠣᠬᠠᠨ ᠳᠤ ᠲᠣᠰ ᠲᠥᠷᠥᠯ ᠵᠦᠢᠯ ᠤᠨ ᠪᠠᠷᠢᠯᠭ᠎ᠠ ᠶᠢᠨ ᠬᠡᠮᠵᠢᠶ᠎ᠡ ᠶᠢᠨ 92%᠎ ᠢ ᠪᠡᠶᠡᠯᠡᠭᠦᠯᠵᠦ᠂ ᠮᠠᠰᠢᠨ ᠲᠡᠷᠭᠡᠨ ᠤ ᠵᠠᠮ ᠨᠢᠭᠡᠨᠲᠡ ᠲᠡᠷᠭᠡ ᠨᠡᠪᠲᠡᠷᠡᠵᠦ᠂ ᠦᠯᠡᠳᠡᠭᠰᠡᠨ ᠪᠠᠷᠢᠯᠭ᠎ᠠ ᠨᠢ ᠨᠢᠭᠡᠨᠲᠡ ᠠᠵᠢᠯ ᠢᠶᠠᠨ ᠰᠡᠷᠭᠦᠭᠡᠵᠦ᠂ ᠵᠠᠮ ᠤᠨ ᠬᠤᠶᠠᠷ ᠬᠠᠵᠠᠭᠤ ᠶᠢᠨ ᠶᠠᠪᠠᠭᠠᠨ ᠬᠥᠮᠦᠨ ᠤ ᠵᠠᠮ ᠵᠢᠴᠢ ᠨᠣᠭᠤᠭᠠᠷᠠᠭᠤᠯᠤᠯᠲᠠ ᠶᠢᠨ ᠬᠤᠭᠤᠯᠠᠶ ᠶᠢᠨ ᠲᠣᠤᠷ ᠤᠨ ᠪᠠᠷᠢᠯᠭ᠎ᠠ ᠶᠢᠨ ᠠᠵᠢᠯ ᠢ ᠶᠠᠭ ᠬᠢᠵᠦ ᠪᠠᠶᠢᠨ᠎ᠠ᠃
5.jpg   
    G6 ᠭᠠᠷᠬᠤ ᠡᠭᠦᠳᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠥᠭᠡᠷᠡᠴᠢᠯᠡᠯᠲᠡ᠃ ᠲᠥᠷᠥᠯ ᠵᠦᠢᠯ ᠨᠢ 3 ᠰᠠᠷ᠎ᠠ ᠶᠢᠨ ᠳᠤᠮᠳᠠᠴᠢ ᠪᠠᠷ ᠠᠵᠢᠯ ᠢᠶᠠᠨ ᠰᠡᠷᠭᠦᠭᠡᠵᠦ᠂ ᠣᠳᠣᠬᠠᠨ ᠳᠤ ᠶᠡᠭᠡ ᠲᠤᠷᠤᠭ ᠮᠣᠳᠣ ᠶᠢ ᠨᠢᠭᠡᠨᠲᠡ ᠦᠨᠳᠦᠰᠦᠨ ᠳᠡᠭᠡᠨ ᠳᠠᠷᠢᠵᠤ᠂ ᠶᠠᠭ ᠰᠠᠶᠢᠬᠠᠨ ᠳᠡᠳ᠋ ᠲᠤᠷᠤᠭ ᠮᠣᠳᠣ ᠵᠢᠴᠢ ᠪᠣᠳᠠ ᠮᠣᠳᠣ ᠴᠢᠬᠢ ᠮᠣᠳᠣ ᠶᠢ ᠲᠠᠯᠠᠪᠠᠶ ᠳᠤ ᠣᠷᠣᠭᠤᠯᠤᠨ ᠲᠠᠷᠢᠬᠤ ᠶᠢ ᠵᠣᠬᠢᠶᠠᠨ ᠪᠠᠶᠢᠭᠤᠯᠵᠤ᠂ ᠨᠢᠭᠡᠨᠲᠡ 5000 ᠭᠠᠷᠤᠶ ᠰᠠᠭᠤᠷᠢ ᠲᠤᠷᠤᠭ ᠮᠣᠳᠣ ᠲᠠᠷᠢᠭᠰᠠᠨ ᠪᠠᠶᠢᠨ᠎ᠠ᠃ ᠰᠣᠶᠣᠯ ᠤᠨ ᠵᠢᠵᠢᠭ ᠪᠦᠲᠦᠭᠡᠭᠳᠡᠬᠦᠨ ᠪᠣᠯᠣᠳ ᠪᠧᠲ᠋ᠣᠨ  ᠰᠢᠷᠤᠢ ᠬᠠᠰᠢᠬᠤ ᠬᠡᠷᠡᠮ ᠢ ᠨᠢᠭᠡᠨᠲᠡ ᠪᠠᠢᠭᠤᠯᠵᠤ ᠳᠠᠭᠤᠰᠭᠠᠪᠠ᠃
6.png  
    ᠬᠠᠢ ᠯᠡ ᠡᠮᠦᠨ᠎ᠡ ᠵᠠᠮ ᠵᠢᠴᠢ ᠬᠤᠶᠠᠷ ᠬᠠᠵᠠᠭᠤ ᠶᠢᠨ ᠬᠤᠲᠠ ᠶᠢᠨ ᠶᠠᠪᠤᠳᠠᠯ ᠤᠨ ᠶᠠᠰᠤ ᠴᠢᠨᠠᠷ ᠢ ᠳᠡᠭᠡᠭᠰᠢᠯᠡᠭᠦᠯᠬᠦ ᠥᠭᠡᠷᠡᠴᠢᠯᠡᠯᠲᠡ᠃ ᠵᠠᠮ ᠤᠨ ᠳ᠋ᠧᠩ ᠤᠨ ᠠᠶᠤᠩᠭ᠎ᠠ ᠠᠴᠠ ᠰᠡᠷᠭᠡᠶᠢᠯᠡᠬᠦ ᠭᠠᠩᠨᠠᠯᠲᠠ ᠶᠢ ᠤᠭᠰᠠᠷᠠᠨ ᠳᠠᠭᠤᠰᠴᠤ᠂ ᠭᠠᠵᠠᠷ ᠳᠣᠣᠷᠠᠬᠢ ᠬᠡᠰᠡᠭ ᠢ ᠬᠤᠪᠢᠶᠠᠨ ᠪᠦᠬᠦᠨ ᠢ ᠪᠡᠶᠡᠯᠡᠭᠦᠯᠵᠦ᠂ ᠵᠠᠮ ᠤᠨ ᠭᠠᠳᠠᠷᠭᠤ ᠶᠢ 5 ᠰᠠᠷ᠎ᠠ ᠶᠢᠨ ᠰᠡᠭᠦᠯᠴᠢ ᠪᠠᠷ ᠪᠦᠬᠦᠨ ᠢ ᠪᠠᠶᠢᠭᠤᠯᠵᠤ ᠳᠠᠭᠤᠰᠬᠠᠬᠤ ᠪᠠᠷ ᠵᠢᠱᠢᠵᠦ ᠪᠠᠶᠢᠨ᠎ᠠ᠃ ᠬᠠᠢᠯᠠᠷ ᠵᠠᠮ ᠤᠨ ᠬᠤᠶᠠᠷ ᠲᠠᠯ᠎ᠠ ᠵᠢᠴᠢ ᠲᠡᠷᠭᠡ ᠬᠤᠪᠢᠶᠠᠨ ᠪᠦᠰᠡᠯ ᠡᠯᠲᠡ ᠶᠢᠨ ᠶᠠᠰᠤ ᠴᠢᠨᠠᠷ ᠢ  ᠳᠡᠭᠡᠭᠰᠢᠯᠡᠭᠦᠯᠵᠦ ᠥᠭᠡᠷᠡᠴᠢᠯᠡᠨ ᠰᠢᠨᠡᠤᠡᠭᠡᠬᠦ ᠠᠵᠢᠯ ᠣᠳᠣ ᠶᠠᠭ ᠲᠤᠷᠤᠭ ᠮᠣᠳᠣ ᠪᠠ ᠳᠡᠳ᠋ ᠲᠤᠷᠤᠭ ᠮᠣᠳᠣ ᠲᠠᠷᠢᠵᠤ ᠪᠠᠶᠢᠨ᠎ᠠ᠂ ᠪᠦᠬᠦ ᠱᠤᠭᠤᠮ ᠤᠨ ᠵᠠᠮ ᠵᠢᠴᠢ ᠨᠣᠭᠤᠭᠠᠷᠠᠭᠤᠯᠤᠯᠲᠠ 6 ᠰᠠᠷ᠎ᠠ ᠶᠢᠨ ᠰᠡᠭᠦᠯᠴᠢ ᠪᠠᠷ ᠳᠠᠭᠤᠰᠤᠨ᠎ᠠ᠃
7.png   
    ᠡᠮᠤᠨ᠎ᠡ ᠲᠠᠯ᠎ᠠ ᠶᠢᠨ ᠲᠣᠰᠣ ᠨᠡᠮᠡᠬᠦ ᠥᠷᠲᠡᠭᠡ ᠶᠢᠨ ᠪᠢᠴᠢᠯ ᠴᠡᠴᠡᠷᠯᠢᠭ ᠤᠨ ᠶᠠᠰᠤ ᠴᠢᠨᠠᠷ ᠢ ᠳᠡᠭᠡᠭᠰᠢᠯᠡᠭᠦᠯᠬᠦ ᠥᠭᠡᠷᠡᠴᠢᠯᠡᠯᠲᠡ᠃ ᠬᠠᠢ ᠳᠠ ᠵᠡᠭᠦᠨ ᠵᠡᠭᠡᠯᠢ ᠶᠢᠨ ᠡᠮᠦᠨ᠎ᠡ ᠲᠠᠯ᠎ᠠ ᠶᠢᠨ ᠲᠣᠰᠣ ᠨᠡᠮᠡᠬᠦ ᠥᠷᠲᠡᠭᠡ ᠲᠣᠨᠣᠯᠵᠢᠨ ᠵᠠᠮ ᠤᠨ ᠠᠭᠤᠯᠵᠠᠷ ᠲᠠᠬᠢ 4 ᠪᠢᠴᠢᠯ ᠴᠡᠴᠡᠷᠯᠢᠭ 6 ᠰᠠᠷ᠎ᠠ ᠶᠢᠨ ᠳᠤᠮᠳᠠᠴᠢ ᠪᠠᠷ 3 ᠪᠠᠷᠢᠯᠭ᠎ᠠ ᠳᠠᠭᠤᠰᠭᠠᠬᠤ ᠪᠠᠷ ᠲᠥᠯᠥᠪᠯᠡᠵᠦ᠂ ᠪᠠᠷᠠᠭᠤᠨ ᠬᠤᠢᠲᠤ ᠶᠢᠨ ᠵᠢᠵᠢᠭ  ᠴᠡᠴᠡᠷᠯᠢᠭ ᠤᠨ ᠬᠠᠲᠠᠭᠤᠷᠠᠭᠤᠯᠤᠨ ᠰᠠᠪᠠᠯᠠᠬᠤ ᠵᠢᠴᠢ ᠨᠣᠭᠤᠭᠠᠷᠠᠭᠤᠯᠤᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ ᠵᠡᠭᠦᠨ ᠬᠤᠢᠲᠤ ᠶᠢᠨ ᠥᠨᠴᠥᠭ ᠤᠨ ᠵᠢᠵᠢᠭ ᠴᠡᠴᠡᠷᠯᠢᠭ ᠤᠨ ᠬᠠᠲᠠᠭᠤᠷᠠᠭᠤᠯᠤᠨ ᠰᠠᠪᠠᠯᠠᠬᠤ ᠵᠢᠴᠢ ᠨᠣᠭᠤᠭᠠᠷᠠᠭᠤᠯᠤᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ ᠵᠡᠭᠦᠨ ᠡᠮᠦᠨ᠎ᠡ ᠥᠨᠴᠥᠭ ᠤᠨ ᠵᠢᠵᠢᠭ ᠴᠡᠴᠡᠷᠯᠢᠭ ᠢ ᠶᠠᠭ ᠨᠤᠭᠤᠭᠠᠷᠠᠭᠤᠯᠵᠤ  ᠪᠠᠶᠢᠨ᠎ᠠ᠃    ᠪᠡᠭᠡᠵᠢᠩ ᠠᠴᠠ ᠲᠥᠪᠡᠳ ᠬᠦᠷᠬᠦ ᠲᠦᠷᠭᠡᠨ ᠵᠠᠮ G6 ᠣᠷᠣᠵᠤ ᠭᠠᠷᠬᠤ ᠭᠠᠵᠠᠷ ᠤᠨ ᠠᠶᠠᠨᠴᠢᠳ ᠪᠠ ᠪᠠᠷᠠᠭ᠎ᠠ ᠶᠢ ᠰᠠᠯᠭᠠᠵᠤ ᠬᠠᠮᠢᠶᠠᠷᠤᠨ ᠡᠵᠡᠮᠳᠡᠬᠦ ᠵᠢᠴᠢ ᠵᠠᠮ ᠬᠠᠷᠢᠯᠴᠠᠭᠠᠨ ᠤ ᠵᠣᠬᠢᠶᠠᠨ ᠪᠠᠢᠭᠤᠯᠤᠯᠲᠠ ᠶᠢ ᠰᠠᠢᠵᠢᠷᠠᠭᠤᠯᠵᠤ ᠳᠡᠭᠡᠭᠰᠢᠯᠡᠭᠦᠯᠬᠦ ᠥᠭᠡᠷᠡᠴᠢᠯᠡᠬᠦ᠃ ᠡᠮᠦᠨᠡᠬᠢ ᠬᠤᠭᠤᠴᠠᠭᠠᠨ ᠳᠤ ᠡᠯ᠎ᠡ ᠬᠠᠮᠢᠶ᠎ᠠ ᠪᠦᠬᠦᠢ ᠨᠢᠭᠡᠴᠡ ᠶᠢᠨ ᠵᠣᠬᠢᠴᠠᠭᠤᠯᠭ᠎ᠠ ᠵᠢᠴᠢ ᠪᠠᠷᠢᠯᠭ᠎ᠠ ᠪᠠᠷᠢᠬᠤ ᠬᠠᠮᠢᠶ᠎ᠠ ᠪᠦᠬᠦᠢ ᠭᠠᠷᠳᠠᠮ ᠢ ᠵᠣᠬᠢᠴᠠᠭᠤᠯᠤᠨ ᠭᠦᠢᠴᠡᠳᠬᠡᠵᠦ ᠳᠠᠭᠤᠰᠬᠠᠬᠤ ᠬᠡᠷᠡᠭᠲᠡᠶ᠃ ᠲᠥᠷᠥᠯ ᠵᠦᠢᠯ ᠢ 4 ᠰᠠᠷ᠎ᠠ ᠶᠢᠨ 24᠎ ᠤ ᠡᠳᠦᠷ ᠠᠵᠢᠯ ᠡᠬᠢᠯᠡᠭᠦᠯᠵᠦ᠂ ᠣᠳᠣᠬᠠᠨ ᠳᠤ ᠶᠠᠭ ᠪᠠᠷᠢᠯᠭ᠎ᠠ ᠶᠢᠨ ᠠᠵᠢᠯ ᠢ ᠱᠠᠯᠠᠪᠳᠠᠨ ᠬᠢᠵᠦ ᠪᠠᠶᠢᠨ᠎ᠠ᠂ ᠶᠠᠭ ᠰᠠᠶᠢᠬᠠᠨ ᠵᠠᠮ ᠢ ᠥᠷᠭᠡᠳᠬᠡᠨ ᠪᠠᠷᠢᠯᠭ᠎ᠠ ᠪᠠᠷᠢᠵᠤ ᠪᠠᠶᠢᠨ᠎ᠠ᠂ ᠠᠶᠠᠨᠴᠢᠳ ᠪᠠ ᠪᠠᠷᠠᠭ᠎ᠠ ᠶᠢᠨ ᠲᠡᠭᠡᠭᠡᠪᠦᠷᠢ ᠶᠢᠨ ᠲᠥᠷᠥᠯ ᠵᠦᠢᠯ ᠵᠢᠴᠢ ᠬᠤᠯᠪᠣᠭᠳᠠᠯ ᠪᠦᠬᠦᠢ ᠵᠠᠮ ᠢ ᠰᠡᠯᠪᠢᠨ ᠵᠠᠰᠠᠭᠰᠠᠨ ᠠᠴᠠ ᠪᠣᠯᠵᠣ ᠨᠤᠷᠠᠭᠠᠵᠤ ᠨᠡᠭᠦᠯᠭᠡᠬᠦ ᠳᠤ ᠬᠤᠯᠪᠣᠭᠳᠠᠵᠤ᠂ 7 ᠰᠠᠷ᠎ᠠ ᠶᠢᠨ ᠰᠡᠭᠦᠯᠴᠢ ᠪᠠᠷ ᠪᠠᠷᠢᠯᠭ᠎ᠠ ᠳᠠᠭᠤᠰᠬᠠᠬᠤ ᠪᠠᠷ ᠴᠢᠷᠮᠠᠶᠢᠵᠤ ᠪᠠᠶᠢᠨ᠎ᠠ᠃   ᠬᠠᠶᠢᠷᠤᠪ ᠤᠨ ᠲᠤᠬᠤᠢ ᠲᠣᠭᠤᠷᠢᠭ ᠤᠨ ᠬᠢᠨ ︽ᠴᠡᠭ ᠢᠶᠠᠷ ᠱᠤᠭᠤᠮ ᠢ ᠳᠠᠶᠢᠴᠢᠯᠠᠬᠤ︾᠂ ︽ᠱᠤᠭᠤᠮ ᠢᠶᠠᠷ ᠲᠣᠣᠷ ᠢ ᠪᠠᠶᠢᠭᠤᠯᠬᠤ︾᠂ ︽ᠰᠦᠯᠵᠢᠶ᠎ᠡ ᠪᠠᠷ ᠪᠦᠬᠦ ᠲᠠᠯ᠎ᠠ ᠶᠢ ᠥᠷᠭᠡᠳᠬᠡᠬᠦ︾ ᠵᠠᠷᠴᠢᠮ ᠢ ᠦᠷᠭᠦᠯᠵᠢᠯᠡᠨ ᠪᠠᠷᠢᠮᠲᠠᠯᠠᠵᠤ᠂ ᠬᠤᠳᠠ ᠶᠢᠨ ᠰᠢᠨᠡᠴᠢᠯᠡᠯᠲᠡ ᠶᠢᠨ ᠨᠢᠭᠡᠴᠢ ᠶᠢᠨ ᠲᠦᠷᠦᠯ ᠵᠦᠢᠯ ᠤᠨ ᠲᠡᠩᠴᠡᠭᠦᠷᠢ ᠶᠢ ᠨᠢᠭᠡᠳᠦᠯᠲᠡᠢ ᠲᠥᠯᠥᠪᠵᠢᠭᠦᠯᠵᠦ᠂ ᠠᠰᠢᠭᠯᠠᠵᠤ ᠳᠡᠭᠡᠭᠰᠢᠯᠡᠭᠦᠯᠬᠦ ᠪᠠᠷ ᠭᠤᠣᠯ ᠪᠣᠯᠭᠠᠵᠤ᠂ ᠰᠡᠯᠪᠢᠨ ᠵᠠᠰᠠᠵᠤ ᠥᠭᠡᠷᠡᠴᠢᠯᠡᠬᠦ ᠶᠢ ᠴᠢᠩᠭᠠᠳᠬᠠᠵᠤ᠂ ᠬᠤᠳᠠ ᠶᠢᠨ ᠳᠤᠲᠠᠭᠤᠳᠠᠯ ᠢ ᠨᠥᠬᠦᠪᠥᠷᠢᠯᠡᠵᠦ᠂ ᠴᠢᠳᠠᠪᠬᠢ ᠶᠢ ᠳᠡᠭᠡᠭᠰᠢᠯᠡᠭᠦᠯᠬᠦ ᠶᠢ ᠴᠢᠬᠤᠯᠠᠴᠢᠯᠠᠵᠤ᠂ ᠬᠤᠳᠠ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠦᠨ᠎ᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号