ᠭᠤᠤᠯ ᠰᠡᠳᠦᠪᠲᠦ ᠠᠵᠢᠯᠯᠠᠭ᠎ᠠ
ᠨᠡᠶᠢᠲᠡᠯᠡᠭᠰᠡᠨ ᠴᠠᠭ᠄
2024/5/15
    5 ᠰᠠᠷ᠎ᠠ ᠶᠢᠨ 13᠎ ᠤ ᠡᠳᠦᠷ᠂ ︽ᠠᠵᠤ ᠠᠬᠤᠶᠢᠯᠠᠯ ᠲᠦᠷᠦᠭᠦᠯᠡᠨ ᠨᠢᠭᠡ ᠬᠡᠷ ᠤᠨ ᠬᠥᠮᠦᠨ ᠮᠡᠲᠦ ᠳᠣᠲᠣᠨᠣ︾ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠭᠤᠤᠯ ᠰᠡᠳᠦᠪᠲᠦ ᠠᠵᠢᠯᠯᠠᠭ᠎ᠠ ᠲᠦᠩ ᠶᠦᠩ ᠱᠢ ᠳ᠋ᠠᠢ ᠠᠭᠤᠳᠠᠮ ᠲᠠᠯᠠᠪᠠᠶ ᠶᠢᠨ ᠨᠢᠭᠡᠳᠦᠭᠡᠷ ᠳᠠᠪᠬᠤᠷᠯᠢᠭ ᠲᠤ ᠡᠮᠬᠢ ᠵᠢᠷᠤᠮ ᠲᠠᠢ ᠶᠠᠪᠤᠭᠳᠠᠪᠠ᠃
640.png   
    ᠠᠵᠢᠯᠯᠠᠭ᠎ᠠ ᠨᠢ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ᠂ ᠠᠰᠠᠭᠤᠯᠲᠠ ᠬᠠᠷᠢᠭᠤᠯᠲᠠ ᠥᠭᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠣᠯᠠᠨ ᠲᠦᠮᠡᠨ ᠳᠤ ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠴᠠᠭᠠᠵᠠ ᠬᠠᠤᠯᠢ ᠲᠣᠭᠲᠠᠭᠠᠯ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠵᠡᠷᠭᠡ ᠬᠤᠯᠪᠣᠭᠳᠠᠯ ᠪᠥᠬᠦᠶ ᠮᠡᠳᠡᠯᠭᠡ ᠶᠢ ᠲᠠᠨᠢᠯᠴᠠᠭᠤᠯᠵᠤ᠂ ᠣᠯᠠᠨ ᠢᠶᠠᠷ ᠢᠶᠠᠨ ᠭᠠᠷ ᠡᠷᠭᠦᠨ ᠵᠠᠪᠳᠤᠨ ᠬᠠᠷᠢᠭᠤᠯᠵᠤ᠂ ᠢᠳᠡᠪᠬᠢᠲᠡᠶ ᠣᠷᠣᠯᠴᠠᠪᠠ᠃
640 (1).png   
    ᠡᠭᠦᠨ ᠠᠴᠠ ᠭᠠᠳᠠᠨ᠎ᠠ᠂ ᠠᠵᠢᠯᠯᠠᠭ᠎ᠠ ᠨᠢ ᠪᠠᠰᠠ ᠳᠥᠭᠦᠮ ᠣᠶᠢᠯᠠᠭᠠᠮᠵᠢᠲᠠᠶ ᠦᠭᠡ ᠬᠡᠯᠡ ᠪᠠᠷ ᠦᠨᠳᠦᠰᠦᠲᠡᠨ ᠤ ᠪᠦᠯᠬᠦᠮᠳᠡᠯ ᠤᠨ ᠴᠢᠬᠤᠯᠠ ᠠᠴᠢ ᠬᠤᠯᠪᠣᠭᠳᠠᠯ ᠢ ᠬᠦᠯᠢᠴᠡᠩᠭᠦᠶ ᠲᠠᠶᠢᠯᠪᠤᠷᠢᠯᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠲᠤᠬᠠᠶ ᠲᠠᠨᠢᠯᠲᠠ ᠪᠠ ᠣᠶᠢᠯᠠᠭᠠᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ᠂ ᠲᠦᠭᠡᠮᠡᠯᠵᠢᠭᠦᠯᠬᠦ ᠨᠣᠷᠮ᠎ᠠ ᠶᠢ ᠥᠷᠭᠡᠳᠬᠡᠨ᠂ ᠦᠨᠳᠦᠰᠦᠲᠡᠨ ᠤ ᠪᠦᠯᠬᠦᠮᠳᠡᠯ ᠪᠠ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠠᠬᠢᠭᠤᠯᠪᠠ᠃ ᠣᠯᠠᠨ ᠢᠶᠠᠷ ᠢᠶᠠᠨ ᠪᠠᠶᠠᠷ ᠪᠠᠶᠠᠰᠬᠤᠯᠠᠩᠲᠤ ᠠᠭᠤᠷ ᠠᠮᠢᠰᠬᠤᠯ ᠤᠨ ᠳᠤᠮᠳᠠ ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠮᠡᠳᠡᠯᠭᠡ ᠶᠢᠨ ᠲᠤᠬᠠᠶ ᠣᠶᠢᠯᠠᠭᠠᠯᠲᠠ ᠪᠠ ᠮᠡᠳᠡᠷᠡᠮᠵᠢ ᠶᠢ ᠨᠢ ᠭᠦᠨᠵᠡᠭᠡᠶᠢᠷᠡᠭᠦᠯᠵᠡᠶ᠃    ᠲᠤᠰ ᠤᠳᠠᠭ᠎ᠠ ᠶᠢᠨ ᠠᠵᠢᠯᠯᠠᠭ᠎ᠠ ᠶᠢ ᠬᠠᠶᠢᠷᠤᠪ ᠤᠨ ᠲᠤᠬᠤᠢ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠤᠪᠴᠢᠶ᠎ᠠ ᠠᠴᠠ ᠭᠤᠣᠯᠯᠠᠨ ᠡᠷᠬᠢᠯᠡᠵᠦ᠂ ᠲᠦᠩ ᠶᠦᠩ ᠠᠭᠤᠳᠠᠮ ᠲᠠᠯᠠᠪᠠᠢ ᠠᠴᠠ ᠳᠠᠭᠠᠭᠠᠴᠢᠯᠠᠨ ᠡᠷᠬᠢᠯᠡᠪᠡ᠃ ᠬᠠᠶᠢᠷᠤᠪ ᠤᠨ ᠲᠤᠬᠤᠢ ᠲᠣᠭᠤᠷᠢᠭ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠦᠷᠭᠦᠯᠵᠢᠯᠡᠨ ᠭᠦᠨᠵᠡᠭᠡᠢ ᠲᠤᠭᠤᠰᠢᠯᠠᠭᠤᠯᠵᠤ᠂ ᠨᠠᠮ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠪᠣᠯᠤᠨ ᠬᠠᠤᠯᠢ ᠴᠠᠭᠠᠵᠠ ᠬᠠᠤᠯᠢ ᠲᠣᠭᠲᠠᠭᠠᠯ ᠢ ︽ᠡᠭᠡᠯ ᠠᠷᠠᠳ ᠤᠨ ᠭᠡᠷ ᠲᠤ ᠣᠷᠣᠭᠤᠯᠵᠤ︾᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠭᠤᠣᠯ ᠱᠤᠭᠤᠮ ᠤᠨ ᠱᠠᠭᠠᠷᠳᠠᠯᠭ᠎ᠠ ᠶᠢ ᠦᠨᠡᠨ ᠬᠦ ᠪᠣᠳᠠᠲᠠᠢ ᠳᠤ ᠨᠠᠶᠢᠳᠠᠪᠤᠷᠢᠵᠢᠭᠤᠯᠤᠨ᠎ᠠ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号