1740.13 ᠲᠦᠮᠡᠨ ᠲᠦᠭᠦᠷᠢᠭ︕ ᠬᠠᠶᠢᠷᠤᠪ ᠤᠨ ᠲᠣᠬᠤᠢ ᠨᠢᠭᠡᠨᠲᠡ ᠲᠠᠷᠬᠠᠭᠠᠪᠠ ᠁
ᠨᠡᠶᠢᠲᠡᠯᠡᠭᠰᠡᠨ ᠴᠠᠭ᠄
2024/5/17
    ᠠᠵᠢᠯ ᠣᠯᠬᠤ ᠳᠤ ᠬᠦᠴᠢᠷᠲᠡᠢ ᠬᠥᠮᠥᠰ ᠤᠨ ᠠᠮᠢᠳᠤᠯᠢᠭ ᠢᠶᠠᠷ ᠠᠵᠢᠯ ᠣᠯᠬᠤ ᠨᠡᠶᠢᠭᠡᠮ ᠤᠨ ᠳᠠᠭᠠᠳᠬᠠᠯ ᠤᠨ ᠨᠥᠬᠦᠪᠦᠷᠢ ᠣᠯᠭᠤᠬᠤ ᠲᠥᠷᠥ ᠶᠢᠨ ᠪᠣᠳᠣᠯᠭ᠎ᠠ ᠪᠣᠯ ᠠᠵᠢᠯ ᠣᠯᠬᠤ ᠳᠤ ᠬᠦᠴᠢᠷᠲᠡᠢ ᠬᠥᠮᠥᠰ ᠤᠨ ᠢᠳᠡᠪᠬᠢᠲᠡᠢ ᠪᠠᠷ ᠠᠵᠢᠯ ᠣᠯᠬᠤ ᠶᠢ ᠠᠬᠢᠭᠤᠯᠬᠤ ᠨᠢᠭᠡ ᠵᠦᠢᠯ ᠤᠨ ᠴᠢᠬᠤᠯᠠ ᠠᠷᠭ᠎ᠠ ᠬᠡᠮᠵᠢᠶ᠎ᠡ ᠪᠣᠯᠣᠨ᠎ᠠ᠂ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠬᠡᠷᠡᠭᠵᠢᠭᠦᠯᠬᠦ ᠴᠢᠬᠤᠯᠠ ᠭᠠᠷᠳᠠᠴᠠ ᠪᠣᠯᠣᠨ᠎ᠠ᠃ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ 2023 ᠣᠨ ᠤ 12 ᠰᠠᠷ᠎ᠠ ᠶᠢᠨ 31᠎ ᠤ ᠡᠳᠦᠷ ᠨᠥᠬᠦᠪᠥᠷᠢ ᠶᠢᠨ ᠭᠤᠶᠤᠴᠢᠯᠠᠯ ᠢ ᠲᠤᠰᠢᠶᠠᠭᠰᠠᠨ ᠤ ᠳᠠᠷᠠᠭ᠎ᠠ᠂ ᠬᠠᠶᠢᠷᠤᠪ ᠤᠨ ᠲᠣᠬᠤᠶ ᠲᠣᠭᠤᠷᠢᠭ ᠤᠨ ᠠᠵᠢᠯ ᠣᠯᠭᠤᠯᠲᠠ ᠶᠢᠨ ᠤᠶᠢᠯᠡᠴᠢᠯᠡᠭᠡᠨ ᠤ ᠲᠥᠪ ᠲᠤᠭ᠎ᠠ ᠪᠠᠷᠢᠮᠲᠠ ᠶᠢ ᠬᠠᠷᠭᠤᠭᠤᠯᠤᠨ ᠪᠠᠶᠢᠴᠠᠭᠠᠬᠤ ᠬᠠᠷᠢᠴᠠᠭᠤᠯᠤᠯ ᠢᠶᠠᠨ ᠴᠢᠩᠭᠠᠳᠬᠠᠵᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠪᠠᠯᠠ ᠮᠥᠩᠭᠦ ᠰᠢᠯᠵᠢᠭᠦᠯᠦᠨ ᠥᠭᠬᠦ ᠪᠠᠷ ᠭᠤᠶᠤᠴᠢᠯᠠᠬᠤ ᠲᠠᠢ ᠢᠳᠡᠪᠬᠢᠲᠡᠶ ᠵᠣᠯᠭᠠᠭᠤᠯᠪᠠ᠃ 2024 ᠣᠨ ᠤ 5 ᠰᠠᠷ᠎ᠠ ᠶᠢᠨ 7᠎ ᠤ ᠡᠳᠦᠷ᠂ ᠬᠠᠶᠢᠷᠤᠪ ᠤᠨ ᠲᠣᠬᠤᠶ ᠲᠣᠭᠤᠷᠢᠭ ᠤᠨ 2789 ᠨᠡᠷᠡᠰ ᠮᠠᠨ ᠤ ᠬᠤᠲᠠ ᠳᠤ ᠳᠠᠭᠠᠳᠬᠠᠯ ᠳᠤ ᠣᠷᠣᠯᠴᠠᠭᠰᠠᠨ ᠠᠮᠢᠳᠤᠯᠢᠭ ᠢᠶᠠᠷ ᠠᠵᠢᠯ ᠣᠯᠤᠭᠰᠠᠳ ᠲᠤ 2023 ᠣᠨ ᠤ ᠨᠡᠶᠢᠭᠡᠮ ᠤᠨ ᠳᠠᠭᠠᠳᠬᠠᠯ ᠤᠨ ᠨᠥᠬᠦᠪᠥᠷᠢ ᠪᠠᠷᠤᠭ 1740.13 ᠲᠦᠮᠡᠨ ᠲᠥᠭᠦᠷᠢᠭ ᠲᠠᠷᠬᠠᠭᠠᠪᠠ᠃ ᠪᠠᠰᠠ 170 ᠭᠠᠷᠤᠶ ᠣᠨᠳᠣᠤ ᠭᠠᠵᠠᠷ ᠤᠨ ᠳᠠᠭᠠᠳᠬᠠᠯ ᠳᠤ ᠣᠷᠣᠯᠴᠠᠭᠰᠠᠳ ᠤᠨ ᠮᠡᠳᠡᠭᠡ ᠵᠠᠩᠭᠢ ᠳᠠᠭᠠᠳᠬᠠᠯ ᠳᠤ ᠣᠷᠣᠯᠴᠠᠭᠰᠠᠨ ᠭᠠᠵᠠᠷ ᠤᠨ ᠬᠢᠨᠠᠨ ᠪᠠᠶᠢᠴᠠᠭᠠᠭᠰᠠᠨ ᠦᠷ᠎ᠡ ᠳ᠋ᠦᠩ ᠢᠶᠠᠨ ᠬᠠᠷᠢᠭᠤ ᠲᠤᠰᠬᠠᠬᠤ ᠪᠠᠷ ᠬᠦᠯᠢᠶᠡᠭᠰᠡᠨ ᠤ ᠳᠠᠷᠠᠭ᠎ᠠ ᠨᠥᠬᠦᠪᠥᠷᠢ ᠶᠢᠨ ᠪᠠᠯᠠ ᠮᠥᠩᠭᠦ ᠣᠯᠭᠤᠬᠤ ᠶᠢ ᠴᠠᠭ ᠲᠤᠬᠠᠶ ᠳᠤᠨᠢ ᠪᠡᠶᠡᠯᠡᠭᠦᠯᠦᠨ᠎ᠡ᠃    ᠬᠠᠶᠢᠷᠤᠪ ᠤᠨ ᠲᠤᠬᠤᠢ ᠲᠣᠭᠤᠷᠢᠭ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠭᠦᠢᠴᠡᠳᠬᠡᠬᠦ ᠶᠠᠪᠤᠴᠠ ᠶᠢ ᠰᠢᠯᠢᠳᠡᠭᠵᠢᠭᠦᠯᠵᠦ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠨᠥᠬᠦᠴᠡᠯ ᠳᠤ ᠨᠡᠶᠢᠴᠡᠬᠦ ᠠᠮᠢᠳᠤᠯᠢᠭ ᠢᠶᠠᠷ ᠠᠵᠢᠯ ᠣᠯᠤᠭᠰᠠᠳ ᠲᠤ ᠤᠯᠤᠰ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠦᠨᠡᠨ ᠬᠦ ᠬᠦᠷᠲᠡᠭᠡᠵᠦ᠂ ᠠᠵᠢᠯ ᠣᠯᠭᠤᠯᠲᠠ ᠶᠢ ᠲᠣᠭᠲᠠᠪᠤᠷᠢᠵᠢᠭᠤᠯᠤᠨ ᠬᠥᠭᠵᠢᠯᠲᠡ ᠶᠢ ᠠᠬᠢᠭᠤᠯᠬᠤ ᠳᠤ ᠪᠠᠲᠤ ᠪᠠᠬᠢ ᠰᠠᠭᠤᠷᠢ ᠲᠠᠯᠪᠢᠵᠤ ᠥᠭᠭᠦᠨ᠎ᠡ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号