ᠰᠠᠶᠢᠨ ᠴᠢᠮᠡᠭᠡ︕ ᠬᠠᠶᠢᠷᠤᠪ ᠤᠨ ᠲᠤᠬᠤᠢ ᠶᠢᠨ ᠪᠠᠰᠠ ᠨᠢᠭᠡᠨ ᠭᠤᠣᠯᠳᠠᠯᠭ᠎ᠠ ᠲᠠᠢ ᠲᠦᠷᠦᠯ ᠵᠦᠢᠯ ᠠᠵᠢᠯ  ᠢᠶᠠᠨ ᠡᠬᠢᠯᠡᠭᠦᠯᠪᠡ
ᠨᠡᠶᠢᠲᠡᠯᠡᠭᠰᠡᠨ ᠴᠠᠭ᠄
2024/5/17
    5 ᠰᠠᠷ᠎ᠠ ᠶᠢᠨ 15᠎ ᠤ ᠡᠳᠦᠷ᠂ ᠥᠪᠥᠷ ᠮᠣᠩᠭᠤᠯ ᠤᠨ ᠬᠠᠲᠤᠨ ᠭᠤᠤᠯ ᠤᠨ ᠪᠦᠯᠦᠭᠯᠡᠯ ᠵᠢᠶᠦ᠋ᠨ ᠫᠢᠩ ᠬᠡᠦᠷᠰᠢᠭᠦᠯᠬᠦ ᠠᠵᠢᠯ ᠡᠬᠢᠯᠡᠭᠦᠯᠬᠦ ᠶᠣᠰᠣᠯᠠᠯ ᠶᠠᠪᠤᠭᠤᠯᠵᠤ᠂ ᠬᠠᠶᠢᠷᠤᠪ ᠤᠨ ᠲᠣᠬᠤᠶ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠰᠤᠳᠥᠪᠢᠯᠢᠭ᠂ ᠬᠠᠶᠢᠷᠤᠪ ᠤᠨ ᠲᠣᠬᠤᠶ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠯᠦ ᠫᠢᠩ᠂ ᠬᠠᠲᠤᠨ ᠭᠤᠤᠯ ᠤᠨ ᠪᠦᠯᠦᠭᠯᠡᠯ ᠤᠨ ᠬᠠᠷᠢᠭᠤᠴᠠᠯᠭᠠᠲᠠᠨ ᠵᠢᠴᠢ ᠵᠠᠰᠠᠭ ᠤᠨ ᠣᠷᠳᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠠᠷ ᠠᠵᠢᠯ ᠡᠬᠢᠯᠡᠭᠦᠯᠬᠦ ᠶᠣᠰᠣᠯᠠᠯ ᠳᠤ ᠣᠷᠣᠯᠴᠠᠪᠠ᠃
640.jpg   
    ᠬᠠᠲᠤᠨ ᠭᠤᠤᠯ ᠤᠨ ᠪᠦᠯᠦᠭᠯᠡᠯ ᠤᠨ ᠵᠢᠶᠦ᠋ᠨ ᠫᠢᠩ ᠬᠡᠦᠷᠰᠢᠭᠦᠯᠬᠦ ᠲᠥᠷᠥᠯ ᠵᠦᠢᠯ ᠨᠢ ᠦᠬᠠᠶ ᠬᠤᠲᠠ ᠶᠢᠨ ᠭᠤᠤᠯᠳᠠᠯᠭ᠎ᠠ ᠲᠠᠢ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠪᠣᠯᠤᠭᠰᠠᠨ ᠤ ᠬᠤᠪᠢ ᠳᠤ᠂ ︽ᠳᠡᠭᠡᠳᠦ ᠲᠠᠰ ᠤᠨ ᠤᠶᠤᠨᠴᠢ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠪᠣᠬᠢᠷᠲᠤᠯ ᠥᠬᠡᠶ ᠭᠠᠳᠠᠭᠰᠢᠯᠠᠭᠤᠯᠤᠯᠲᠠ ᠶᠢ ᠪᠠᠭᠠᠰᠬᠠᠬᠤ︾ ᠶᠣᠰᠣᠭᠠᠷ ᠪᠠᠶᠢᠷᠢ ᠲᠣᠭᠲᠠᠭᠠᠯᠲᠠ ᠪᠣᠯᠭᠠᠵᠤ᠂ ︽ᠲᠣᠨᠤᠭ ᠲᠥᠬᠦᠭᠡᠷᠦᠮᠵᠢ ᠲᠡᠷᠢᠭᠦᠨ ᠲᠠᠰ᠂ ᠵᠢᠷᠤᠭ ᠲᠥᠯᠥᠪᠯᠡᠭᠡ ᠲᠡᠷᠢᠭᠦᠨ ᠲᠠᠰ᠂ ᠬᠠᠮᠢᠶᠠᠷᠤᠯᠲᠠ ᠲᠡᠷᠢᠭᠦᠨ ᠲᠠᠰ ᠤᠨ᠂ ᠣᠷᠴᠢᠨ ᠲᠣᠭᠤᠷᠢᠨ ᠢ ᠲᠡᠷᠢᠭᠦᠨ ᠳᠤ ᠲᠠᠯᠪᠢᠬᠤ︾᠎ ᠪᠠᠷ ᠪᠠᠷᠢᠮᠵᠢᠶ᠎ᠠ ᠪᠣᠯᠭᠠᠵᠤ᠂ ᠥᠨᠳᠥᠷ ᠪᠠᠷᠢᠮᠵᠢᠶ᠎ᠠ ᠪᠠᠷ ᠵᠢᠷᠤᠵᠤ ᠲᠥᠯᠥᠪᠯᠡᠬᠦ᠂ ᠴᠢᠨᠠᠷ ᠰᠠᠶᠢᠲᠠᠶ ᠪᠠᠷᠢᠯᠭ᠎ᠠ ᠪᠠᠷᠢᠬᠤ᠂ ᠥᠨᠳᠥᠷ ᠬᠢᠷᠢ ᠲᠦᠪᠰᠢᠨ ᠢᠶᠠᠷ ᠬᠠᠮᠢᠶᠠᠷᠬᠤ᠂ ᠤᠷ᠎ᠠ ᠮᠡᠷᠭᠡᠵᠢᠯ ᠨᠢ ᠲᠡᠷᠢᠭᠦᠨ ᠤ᠂ ᠮᠡᠷᠭᠡᠵᠢᠯ ᠤᠨ ᠳᠡᠭᠡᠳᠦ ᠲᠠᠰ ᠤᠨ᠂ ᠪᠣᠬᠢᠷᠲᠤᠯ ᠥᠬᠡᠶ ᠣᠷᠴᠢᠨ ᠲᠣᠭᠤᠷᠢᠨ ᠢ ᠬᠠᠮᠠᠭᠠᠯᠠᠬᠤ ᠲᠡᠷᠢᠭᠦᠨ ᠤ ᠬᠡᠦᠷᠰᠢᠭᠦᠯᠬᠦ ᠠᠵᠤ ᠦᠢᠯᠡᠰ ᠢ ᠪᠠᠶᠢᠭᠤᠯᠵᠤ᠂ ᠡᠨᠧᠷᠭᠢ ᠶᠢᠨ ᠬᠤᠷᠣᠭᠳᠠᠯ ᠤᠨ ᠬᠦᠴᠦᠯᠡᠴᠡ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠬᠡᠮᠵᠢᠶ᠎ᠡ ᠶᠢ ᠤᠯᠤᠰ ᠤᠨ ᠳᠣᠲᠣᠭᠠᠳᠤ ᠶᠢᠨ ᠣᠷᠦ᠋ᠢᠯᠠᠭᠰᠠᠨ ᠬᠢᠷᠢ ᠲᠦᠪᠰᠢᠨ ᠳᠤ ᠬᠦᠷᠲᠡᠯ᠎ᠡ ᠡᠵᠡᠮᠳᠡᠬᠦ ᠪᠠᠷ ᠴᠢᠷᠮᠠᠶᠢᠵᠤ᠂ ᠮᠡᠷᠭᠡᠵᠢᠯ ᠤᠨ ᠰᠢᠨ᠎ᠡ ᠶᠢ ᠡᠭᠦᠳᠬᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠣᠯᠠᠨ ᠤᠯᠤᠰ ᠤᠨ ᠡᠮᠦᠨ᠎ᠡ ᠡᠩᠨᠡᠭᠡᠨ ᠳᠤ ᠣᠷᠣᠵᠤ᠂ ᠬᠡᠦᠷᠰᠢᠭᠦᠯᠬᠦ ᠠᠵᠢᠯ ᠲᠥᠷᠥᠯ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢᠨ ᠥᠯᠢᠭᠡᠷ ᠵᠢᠱᠢᠶ᠎ᠡ ᠪᠠ ᠬᠡᠪ ᠳᠠᠭᠤᠷᠢᠶᠠᠯ ᠢ ᠴᠢᠷᠮᠠᠶᠢᠨ ᠪᠣᠶ ᠪᠣᠯᠭᠠᠨ᠎ᠠ᠃
640 (1).jpg   
    ᠬᠠᠶᠢᠷᠤᠪ ᠤᠨ ᠲᠤᠬᠤᠢ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠯᠦ ᠫᠢᠩ᠂ ᠬᠠᠳᠤᠨ ᠭᠤᠣᠯ ᠤᠨ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠨᠢ ᠭᠠᠵᠠᠷ ᠣᠷᠣᠨ ᠤ ᠲᠠᠭᠠᠭᠤᠯᠤᠭᠴᠢ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠬᠠᠶᠢᠷᠤᠪ ᠤᠨ ᠲᠤᠬᠤᠢ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠪᠣᠯᠤᠨ ᠣᠷᠣᠨ ᠨᠤᠲᠤᠭ ᠤᠨ ᠭᠠᠶᠢᠯᠢ ᠲᠠᠲᠠᠪᠤᠷᠢ ᠵᠡᠷᠭᠡ ᠲᠠᠯ᠎ᠠ ᠪᠠᠷ ᠴᠥᠮ ᠯᠤᠲᠤ ᠶᠡᠭᠡ ᠬᠤᠪᠢ ᠨᠡᠮᠡᠷᠢ ᠦᠵᠡᠭᠦᠯᠦᠭᠰᠡᠨ ᠤ ᠬᠠᠮᠲᠤ ᠦᠬᠠᠢ ᠬᠤᠳᠠ ᠵᠢᠴᠢ ᠬᠠᠶᠢᠷᠤᠪ ᠤᠨ ᠲᠤᠬᠤᠢ ᠲᠣᠭᠤᠷᠢᠭ ᠤᠨ ᠲᠦᠷᠦ ᠶᠢᠨ ᠪᠤᠳᠤᠯᠭ᠎ᠠ ᠪᠣᠯᠤᠨ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠢ ᠢᠳᠡᠪᠬᠢᠲᠡᠢ ᠴᠤᠤᠷᠢᠶᠠᠲᠤᠨ ᠲᠠᠭᠠᠵᠤ᠂ ᠠᠵᠤ ᠦᠢᠯᠡᠰ ᠤᠨ ᠵᠢᠱᠢᠶ᠎ᠡ ᠦᠵᠡᠭᠦᠯᠬᠦ ᠲᠠᠯ᠎ᠠ ᠪᠠᠷ ᠬᠦᠳᠦᠯᠦᠨ ᠳᠠᠭᠠᠭᠤᠯᠬᠤ ᠦᠢᠯᠡᠳᠦᠯ ᠦᠵᠡᠭᠦᠯᠵᠡᠢ᠃ ᠥᠨᠥᠳᠦᠷ ᠤᠨ ᠠᠵᠢᠯ ᠡᠬᠢᠯᠡᠭᠦᠯᠦᠭᠰᠡᠨ ᠥᠪᠥᠷ ᠮᠣᠩᠭᠤᠯ ᠤᠨ ᠬᠠᠲᠤᠨ ᠭᠤᠤᠯ ᠤᠨ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠵᠢᠶᠦ᠋ᠨ ᠫᠢᠩ ᠬᠡᠦᠷᠰᠢᠭᠦᠯᠬᠦ ᠲᠥᠷᠥᠯ ᠵᠦᠢᠯ᠂ ᠲᠥᠷᠥᠯ ᠵᠦᠢᠯ ᠤᠨ ᠪᠠᠯᠠ ᠣᠷᠣᠭᠤᠯᠤᠯᠲᠠ ᠶᠢᠨ ᠶᠡᠷᠦᠩᠬᠡᠶ ᠬᠡᠮᠵᠢᠶ᠎ᠡ ᠶᠡᠭᠡ᠂ ᠶᠠᠰᠤ ᠴᠢᠨᠠᠷ ᠰᠠᠶᠢᠨ᠂ ᠵᠢᠱᠢᠭᠰᠡᠨ ᠦᠷ᠎ᠡ ᠠᠰᠢᠭ ᠰᠠᠶᠢᠨ ᠪᠠᠶᠢᠵᠤ᠂ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ ᠬᠠᠶᠢᠷᠤᠪ ᠤᠨ ᠲᠣᠬᠤᠶ ᠲᠣᠭᠤᠷᠢᠭ ᠤᠨ ᠨᠡᠭᠦᠷᠡᠰᠦ ᠬᠡᠦᠷᠰᠢᠭᠦᠯᠬᠦ ᠠᠵᠤ ᠤᠶᠢᠯᠡᠰ ᠤᠨ ᠬᠡᠯᠬᠢᠶ᠎ᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠳᠡᠭᠡᠳᠦ ᠲᠠᠰ ᠳᠠᠪᠬᠤᠷᠭ᠎ᠠ᠂ ᠨᠠᠩ ᠥᠨᠳᠥᠷ ᠲᠦᠪᠰᠢᠨ ᠳᠡᠭᠡᠷ᠎ᠡ ᠡᠬᠢ ᠪᠠᠶᠠᠯᠢᠭ ᠢ ᠰᠢᠯᠢᠳᠡᠭᠵᠢᠭᠦᠯᠦᠨ ᠳᠣᠭᠢᠷᠠᠭᠤᠯᠬᠤ ᠶᠢ ᠲᠠᠰᠤᠷᠠᠯᠲᠠ ᠥᠬᠡᠶ ᠪᠡᠶᠡᠯᠡᠭᠦᠯᠵᠦ᠂ ᠠᠵᠤ ᠤᠶᠢᠯᠡᠰ ᠤᠨ ᠲᠠᠰ ᠳᠠᠪᠬᠤᠷᠭ᠎ᠠ ᠶᠢ ᠳᠡᠭᠡᠭᠰᠢᠯᠡᠭᠦᠯᠦᠨ᠂ ᠬᠠᠶᠢᠷᠤᠪ ᠤᠨ ᠲᠣᠬᠤᠶ ᠲᠣᠭᠤᠷᠢᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ᠂ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠬᠦ ᠨᠢ ᠯᠠᠪᠲᠠᠶ ᠶᠤᠮ ᠭᠡᠵᠤ ᠬᠡᠯᠡᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号