ᠬᠠᠶᠢᠷᠤᠪ ᠤᠨ ᠲᠤᠬᠤᠢ ᠲᠣᠭᠤᠷᠢᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢ ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/5/17
    5 ᠰᠠᠷ᠎ᠠ ᠶᠢᠨ 15᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢ ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠼᠦᠢ ᠬᠤᠩ ᠪᠥᠸᠧ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    ᠬᠤᠷᠠᠯ ᠠᠴᠠ ᠦᠬᠠᠶ ᠬᠤᠲᠠ ᠶᠢᠨ ᠬᠠᠶᠢᠷᠤᠪ ᠤᠨ ᠲᠣᠬᠤᠢ ᠲᠣᠭᠤᠷᠢᠭ ᠤᠨ ᠰᠢᠶᠠᠨ ᠤ ᠬᠡᠪᠴᠢᠶᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢᠨ ᠮᠤᠵᠢ ᠶᠢᠨ ᠲᠡᠰ ᠤᠨ ᠦᠨᠡᠯᠡᠨ ᠵᠢᠱᠢᠯᠲᠡ ᠶᠢᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠱᠠᠯᠠᠪᠳᠠᠭᠤᠯᠤᠨ ᠵᠢᠯᠣᠭᠤᠳᠬᠤ ᠵᠥᠪᠯᠡᠯ ᠤᠨ ᠬᠠᠷᠢᠭᠤ ᠲᠤᠰᠬᠠᠭᠰᠠᠨ ᠰᠠᠨᠠᠯ ᠢ ᠤᠯᠠᠮᠵᠢᠯᠠᠪᠠ︔ ᠬᠠᠶᠢᠷᠤᠪ ᠤᠨ ᠲᠣᠬᠤᠢ ᠲᠣᠭᠤᠷᠢᠭ ᠤᠨ ᠶᠢᠰᠦᠳᠦᠭᠡᠷ ᠳᠤᠮᠳᠠᠳᠤ ᠰᠤᠷᠭᠠᠭᠤᠯᠢ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠬᠢᠭᠰᠡᠨ ᠠᠵᠢᠯ ᠤᠨ ᠪᠠᠶᠢᠳᠠᠯ ᠢ ᠰᠣᠨᠣᠰᠪᠠ︔ ᠬᠠᠶᠢᠷᠤᠪ ᠤᠨ ᠲᠣᠬᠤᠢ ᠲᠣᠭᠤᠷᠢᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠰᠢᠯᠭᠠᠨ ᠪᠠᠶᠢᠴᠠᠭᠠᠬᠤ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃    ᠼᠦᠢ ᠬᠤᠩ ᠪᠥᠸᠧ ᠬᠡᠯᠡᠬᠦ ᠳᠡᠭᠡᠨ᠂ ᠰᠤᠷᠭᠠᠨ ᠬᠥᠮᠦᠵᠢᠯ ᠪᠣᠯ ᠠᠷᠠᠳ ᠤᠨ ᠠᠮᠢᠳᠤᠷᠠᠯ ᠤᠨ ᠬᠠᠮᠤᠭ ᠤᠨ ᠶᠡᠭᠡ ᠢᠨᠵᠧᠨᠧᠷᠢᠩ ᠮᠥᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠪᠠᠶᠢᠬᠤ ᠶᠢ ᠠᠬᠢᠭᠤᠯᠬᠤ ᠪᠣᠯ ᠤᠯᠤᠰ ᠲᠦᠷᠦ ᠶᠢᠨ ᠡᠭᠦᠷᠭᠡ ᠮᠥᠨ᠂ ᠬᠠᠷᠢᠭᠤᠴᠠᠯᠭ᠎ᠠ ᠬᠦᠨᠳᠦ ᠶᠡᠭᠡ ᠶᠤᠮ᠃ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠡᠯ᠎ᠡ ᠬᠠᠮᠢᠶ᠎ᠠ ᠪᠦᠬᠦᠢ ᠨᠢᠭᠡᠴᠡ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢᠨ ᠠᠵᠢᠯ ᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠲᠤᠰᠬᠠᠶ ᠬᠥᠮᠦᠨ ᠢᠶᠠᠷ ᠬᠠᠷᠢᠭᠤᠴᠠᠭᠤᠯᠵᠤ᠂ ᠬᠠᠷᠠᠯᠲᠠ ᠡᠭᠦᠷᠭᠡ ᠪᠠᠨ ᠨᠠᠷᠢᠯᠢᠭᠵᠢᠭᠤᠯᠵᠤ᠂ ᠡᠭᠦᠷᠭᠡ ᠶᠢ ᠠᠳᠬᠤᠬᠤ ᠬᠥᠮᠦᠨ ᠲᠠᠢ᠂ ᠬᠠᠷᠢᠭᠤᠴᠠᠯᠭ᠎ᠠ ᠶᠢ ᠡᠭᠦᠷᠭᠡᠯᠡᠬᠦ ᠬᠥᠮᠦᠨ ᠲᠠᠢ᠂ ᠠᠵᠢᠯ ᠢ ᠳᠡᠭᠡᠭᠰᠢᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ︔ ᠡᠯ᠎ᠡ ᠰᠤᠷᠭᠠᠭᠤᠯᠢ ᠨᠤᠭᠤᠳ ᠦᠨᠡᠯᠡᠨ ᠵᠢᠱᠢᠬᠦ ᠳᠤᠭᠤᠶᠢᠯᠠᠩ ᠤᠨ ᠳᠤᠷᠠᠳᠤᠭᠰᠠᠨ ᠠᠰᠠᠭᠤᠳᠠᠯ ᠢ ᠭᠦᠨᠵᠡᠭᠡᠶ ᠲᠤᠩᠭᠠᠨ ᠪᠣᠳᠣᠯᠬᠢᠯᠠᠵᠤ᠂ ᠪᠢᠴᠢᠭ ᠮᠠᠲ᠋ᠧᠷᠢᠶᠠᠯ ᠢ ᠨᠠᠷᠢᠨ ᠬᠢᠨᠠᠮᠠᠭᠠᠶ ᠰᠤᠳᠤᠯᠤᠨ ᠤᠩᠰᠢᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠬᠢᠴᠢᠶᠡᠯ ᠤᠨ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠴᠠᠭ ᠤᠨ ᠬᠦᠰᠦᠨᠦᠭᠲᠦ᠂ ᠡᠭᠦᠷᠭᠡ ᠶᠢᠨ ᠲᠠᠩᠰᠠ ᠶᠢ ᠰᠠᠶᠢᠲᠤᠷ ᠲᠣᠭᠲᠠᠭᠠᠵᠤ᠂ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ ᠢ ᠨᠥᠬᠦᠪᠥᠷᠢᠯᠡᠵᠦ᠂ ᠵᠥᠷᠢᠶ᠎ᠡ ᠪᠠᠨ ᠨᠥᠬᠦᠪᠥᠷᠢᠯᠡᠵᠦ᠂ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠥᠬᠦᠴᠡᠯ᠂ ᠵᠢᠭᠠᠨ ᠰᠤᠷᠭᠠᠯᠲᠠ ᠶᠢᠨ ᠶᠠᠰᠤ ᠴᠢᠨᠠᠷ᠂ ᠪᠠᠭᠰᠢ ᠶᠢᠨ ᠮᠣᠷᠠᠯ ᠰᠤᠷᠲᠠᠯ ᠵᠡᠷᠭᠡ ᠲᠠᠯ᠎ᠠ ᠪᠠᠷ ᠰᠢᠨ᠎ᠡ ᠳᠡᠭᠡᠭᠰᠢᠯᠡᠯᠲᠡ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ︔ ᠠᠵᠢᠯ ᠤᠨ ᠰᠤᠷᠲᠠᠯ ᠢᠶᠠᠨ ᠰᠠᠶᠢᠵᠢᠷᠠᠭᠤᠯᠵᠤ᠂ ᠡᠯ᠎ᠡ ᠰᠤᠷᠭᠠᠭᠤᠯᠢ ᠨᠤᠭᠤᠳ ᠦᠬᠠᠶ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠨᠡᠶᠢᠲᠡᠯᠡᠭᠰᠡᠨ ᠪᠠᠭᠰᠢ ᠶᠢᠨ ᠳᠠᠷᠤᠭᠠᠰᠤ ᠶᠢ ᠬᠥᠩᠭᠡᠷᠡᠭᠦᠯᠬᠦ ᠠᠷᠪᠠ ᠶᠢᠰᠤᠨ ᠵᠦᠢᠯ ᠢ ᠴᠢᠩᠭ᠎ᠠ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠦᠨᠡᠯᠡᠨ ᠵᠢᠱᠢᠵᠦ ᠬᠠᠷᠢᠭᠤ ᠲᠤᠰᠬᠠᠭᠰᠠᠨ ᠰᠠᠨᠠᠯ ᠢ ᠦᠨᠳᠦᠰᠦᠯᠡᠨ ᠪᠥᠬᠦ ᠬᠦᠴᠦᠨ ᠢᠶᠠᠷ ᠢᠶᠠᠨ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠬᠤ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ ᠭᠡᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号