ᠬᠠᠶᠢᠷᠤᠪ ᠤᠨ ᠲᠤᠬᠤᠢ ᠲᠣᠭᠤᠷᠢᠭ ᠤᠨ ᠠᠭᠤᠷᠬᠠᠢ ᠶᠢᠨ ᠣᠷᠣᠨ ᠤ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠶᠢ ᠲᠠᠬᠢᠨ ᠬᠦᠴᠦᠯᠡᠪᠡ
ᠨᠡᠶᠢᠲᠡᠯᠡᠭᠰᠡᠨ ᠴᠠᠭ᠄
2024/5/17
    5 ᠰᠠᠷ᠎ᠠ ᠶᠢᠨ 15᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠠᠭᠤᠷᠬᠠᠢ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠬᠤ ᠠᠵᠢᠯ ᠵᠢᠴᠢ ᠪᠣᠬᠢᠷᠲᠤᠯ ᠦᠭᠡᠢ ᠠᠭᠤᠷᠬᠠᠢ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠬᠤᠷᠠᠯᠳᠤᠪᠠ᠃ ᠬᠠᠶᠢᠷᠤᠪ ᠤᠨ ᠲᠤᠬᠤᠢ ᠲᠣᠭᠤᠷᠢᠭ ᠤᠨ ᠳᠡᠳ᠋ ᠳᠠᠷᠤᠭ᠎ᠠ ᠦ᠋ ᠬᠠᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃
640.jpg
       ᠬᠤᠷᠠᠯ ᠠᠴᠠ ᠡᠯ᠎ᠡ ᠠᠭᠤᠷᠬᠠᠢ ᠶᠢᠨ ᠠᠵᠤ ᠠᠬᠤᠶᠢᠯᠠᠯ ᠤᠨ ᠲᠤᠬᠠᠢ ᠶᠢᠨ ᠭᠠᠵᠠᠷ ᠤᠨ ᠪᠠᠶᠢᠴᠠᠭᠠᠯᠲᠠ ᠶᠢᠨ ᠪᠠᠶᠢᠳᠠᠯ ᠢ ᠮᠡᠳᠡᠭᠳᠡᠭᠰᠡᠨ ᠪᠥᠭᠡᠳ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ ᠡᠯ᠎ᠡ ᠠᠭᠤᠷᠬᠠᠢ ᠶᠢᠨ ᠠᠵᠤ ᠠᠬᠤᠶᠢᠯᠠᠯ ︽ᠠᠭᠤᠷᠬᠠᠢ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠬᠤ ᠠᠮᠠᠯᠠᠯᠲᠠ ᠶᠢᠨ ᠪᠢᠴᠢᠭ︾᠎ ᠲᠤ ᠭᠠᠷ ᠤᠨ ᠦᠰᠦᠭ ᠵᠢᠷᠤᠭᠰᠠᠨ ᠪᠥᠭᠡᠳ ᠲᠤᠰᠬᠠᠢ ᠮᠡᠷᠭᠡᠵᠢᠯᠲᠡᠨ ᠢ ᠤᠷᠢᠵᠤ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠳᠤ ᠲᠤᠰᠬᠠᠢ ᠰᠡᠳᠦᠪᠲᠦ ᠪᠣᠯᠪᠠᠰᠤᠷᠠᠯ ᠬᠢᠯᠭᠡᠵᠡᠢ᠃
640 (5).png   
    ᠬᠤᠷᠠᠯ ᠠᠴᠠ ᠴᠢᠬᠤᠯᠠᠴᠢᠯᠠᠭᠰᠠᠨ ᠨᠢ᠂ ᠪᠠᠶᠢᠳᠠᠯ ᠢ ᠲᠣᠳᠣᠷᠬᠠᠶ ᠲᠠᠨᠢᠵᠤ᠂ ᠲᠠᠨᠢᠯᠲᠠ ᠪᠠᠨ ᠳᠡᠭᠡᠭᠰᠢᠯᠡᠭᠦᠯᠵᠦ᠂ ᠪᠠᠴᠢᠮ ᠲᠤᠯᠭᠠᠮ᠎ᠠ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠡᠯ᠎ᠡ ᠠᠭᠤᠷᠬᠠᠢ ᠶᠢᠨ ᠠᠵᠤ ᠠᠬᠤᠶᠢᠯᠠᠯ ᠤᠨ ᠬᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠤᠬᠠᠢ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠣᠬᠢᠷᠲᠤᠯ ᠦᠭᠡᠢ ᠬᠥᠭᠵᠢᠯᠲᠡ ᠶᠢᠨ ᠤᠢᠢᠯᠠᠭᠠᠭᠳᠠᠬᠤᠨ ᠢ ᠪᠠᠲᠤ ᠪᠤᠢ ᠪᠣᠯᠭᠠᠬᠤ ᠬᠡᠷᠡᠭᠲᠡᠢ︔ ᠭᠤᠣᠯᠳᠠᠯᠭ᠎ᠠ ᠶᠢ ᠳᠤᠪᠤᠶᠢᠯᠭᠠᠵᠤ᠂ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠤ ᠵᠠᠰᠠᠯᠲᠠ ᠶᠢ ᠬᠦᠴᠦᠯᠡᠨ ᠥᠷᠨᠢᠭᠦᠯᠵᠦ᠂ ᠪᠣᠬᠢᠷᠲᠤᠯ ᠦᠭᠡᠢ ᠠᠭᠤᠷᠬᠠᠢ ᠶᠢᠨ ᠪᠦᠳᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠬᠠᠮᠠᠭᠠᠯᠠᠯᠲᠠ ᠪᠣᠯᠤᠨ ᠭᠠᠵᠠᠷ ᠰᠢᠷᠣᠢ ᠶᠢ ᠰᠡᠷᠭᠦᠭᠡᠨ ᠵᠠᠰᠠᠬᠤ ᠲᠥᠰᠦᠯ ᠵᠡᠷᠭᠡ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠤ ᠠᠮᠢ ᠠᠬᠤᠢ ᠶᠢ ᠰᠡᠷᠭᠦᠭᠡᠨ ᠵᠠᠰᠠᠬᠤ ᠠᠵᠢᠯ ᠢ ᠨᠠᠷᠢᠨ ᠬᠢᠨᠠᠮᠠᠭᠠᠢ ᠥᠷᠨᠢᠭᠦᠯᠵᠦ᠂ ᠬᠥᠬᠡᠮᠳᠦᠭ ᠨᠣᠭᠤᠭᠠᠨ ᠠᠭᠤᠯᠠ ᠤᠰᠤ ᠶᠢ ᠡᠷᠡᠰ ᠰᠡᠷᠭᠦᠭᠡᠬᠦ ᠬᠡᠷᠡᠭᠲᠡᠢ︔ ᠳᠡᠭᠡᠳᠦ ᠰᠤᠷᠭᠠᠭᠤᠯᠢ ᠲᠠᠢ ᠢᠳᠡᠪᠬᠢᠲᠡᠢ ᠬᠠᠷᠢᠯᠴᠠᠵᠤ ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠳᠤ ᠣᠷᠣᠯᠴᠠᠵᠤ᠂ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠮᠡᠷᠭᠡᠵᠢᠯ ᠤᠨ ᠬᠦᠴᠦᠨ ᠳᠤ ᠲᠦᠰᠢᠭᠯᠡᠨ᠂ ᠬᠠᠶᠢᠷᠤᠪ ᠤᠨ ᠲᠤᠬᠤᠢ ᠲᠣᠭᠤᠷᠢᠭ ᠤᠨ ᠠᠭᠤᠷᠬᠠᠢ ᠶᠢᠨ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠵᠢᠴᠢ ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠠᠵᠢᠯ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ︔ ᠡᠯ᠎ᠡ ᠰᠠᠯᠠᠭ᠎ᠠ ᠮᠥᠴᠢᠷ ᠤᠨ ᠬᠢᠨ ᠬᠠᠤᠯᠢ ᠶᠢ ᠴᠢᠩᠭ᠎ᠠ ᠬᠡᠷᠡᠭᠵᠢᠭᠦᠯᠵᠦ᠂ ᠪᠠᠶᠢᠴᠠᠭᠠᠵᠤ ᠬᠢᠨᠠᠨ ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠤ᠂ ᠢᠯᠡᠷᠡᠭᠦᠯᠦᠭᠰᠡᠨ ᠬᠠᠤᠯᠢ ᠠᠴᠠ ᠵᠥᠷᠢᠴᠡᠭᠰᠡᠨ ᠠᠰᠠᠭᠤᠳᠠᠯ ᠢ ᠳᠠᠷᠦ᠋ᠢᠬᠠᠨ ᠪᠠᠶᠢᠴᠠᠭᠠᠨ ᠰᠢᠢᠳᠪᠦᠷᠢᠯᠡᠵᠦ᠂ ᠴᠡᠭᠴᠡᠯᠡᠨ ᠰᠠᠶᠢᠵᠢᠷᠠᠭᠤᠯᠬᠤ ᠶᠢ ᠱᠠᠯᠠᠪᠳᠠᠭᠤᠯᠵᠤ᠂ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠵᠠᠰᠠᠯᠲᠠ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠪᠡ᠃    ᠣᠶᠢᠯᠠᠭᠠᠭᠰᠠᠨ ᠢᠶᠠᠷ᠂ 5 ᠰᠠᠷ᠎ᠠ ᠶᠢᠨ 13᠎ ᠤ ᠡᠳᠦᠷ ᠠᠴᠠ 5 ᠰᠠᠷ᠎ᠠ ᠶᠢᠨ 14᠎ ᠤ ᠡᠳᠦᠷ ᠪᠣᠯᠲᠠᠯ᠎ᠠ᠂ ᠦᠬᠠᠶ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠬᠠᠶᠢᠷᠤᠪ ᠤᠨ ᠲᠣᠬᠤᠢ ᠶᠢᠨ ᠬᠤᠪᠢᠶᠠᠷᠢ ᠲᠣᠪᠴᠢᠶ᠎ᠠ ᠠᠴᠠ ᠥᠪᠥᠷ ᠮᠣᠩᠭᠤᠯ ᠤᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠵᠢᠴᠢ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠠᠮᠢ ᠠᠬᠤᠶ ᠶᠢ ᠰᠡᠷᠭᠦᠭᠡᠬᠦ ᠨᠡᠶᠢᠭᠡᠮᠯᠢᠭ ᠪᠣᠯᠤᠨ ᠵᠥᠩ ᠭᠤᠸᠠᠨ ᠼᠦᠨ ᠤ ᠪᠣᠬᠢᠷᠲᠤᠯ ᠥᠬᠡᠶ ᠠᠭᠤᠷᠬᠠᠶ ᠶᠢᠨ ᠠᠵᠤ ᠦᠢᠯᠡᠰ ᠤᠨ ᠬᠤᠯᠪᠣᠭ᠎ᠠ ᠶᠢᠨ ᠬᠠᠮᠢᠶ᠎ᠠ ᠪᠥᠬᠦᠶ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠵᠤ᠂ ᠠᠭᠤᠷᠬᠠᠶ ᠳᠠᠷᠠᠭᠠᠯᠠᠨ ᠬᠠᠷᠭᠤᠭᠤᠯᠤᠨ ᠪᠠᠶᠢᠴᠠᠭᠠᠪᠠ᠃ ᠤᠷᠢᠳ ᠬᠤᠵᠢᠳ ᠬᠠᠶᠢᠷᠤᠪ ᠤᠨ ᠲᠤᠬᠤᠢ ᠲᠣᠭᠤᠷᠢᠭ ᠤᠨ ᠪᠤᠢ ᠪᠦᠬᠦᠢ ᠠᠭᠤᠷᠬᠠᠢ ᠶᠢᠨ ᠠᠵᠤ ᠠᠬᠤᠶᠢᠯᠠᠯ ᠤᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠬᠤ ᠪᠠ ᠪᠣᠬᠢᠷᠲᠤᠯ ᠦᠭᠡᠢ ᠠᠭᠤᠷᠬᠠᠢ ᠶᠢᠨ ᠪᠦᠳᠦᠭᠡᠨ ᠪᠠᠶᠢᠭᠤᠯᠤᠯᠲᠠ ᠳᠤ ᠪᠠᠶᠢᠴᠠᠭᠠᠯᠲᠠ ᠬᠢᠪᠡ᠃ ᠬᠠᠶᠢᠷᠤᠪ ᠤᠨ ᠲᠣᠬᠤᠢ ᠲᠣᠭᠤᠷᠢᠭ ᠤᠨ ᠠᠭᠤᠷᠬᠠᠢ ᠶᠢᠨ  ᠪᠠᠶᠢᠴᠠᠭᠠᠯᠲᠠ  ᠶᠢ ᠥᠷᠨᠢᠭᠦᠯᠬᠦ ᠪᠠᠷ ᠳᠠᠮᠵᠢᠨ᠂ ᠠᠭᠤᠷᠬᠠᠶ ᠶᠢ ᠨᠡᠭᠡᠭᠡᠨ ᠠᠰᠢᠭᠯᠠᠬᠤ᠂ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠬᠤ᠂ ᠠᠮᠤᠷ ᠲᠦᠪᠰᠢᠨ ᠤ ᠠᠶᠤᠯ ᠲᠦᠭᠰᠢᠭᠦᠷᠢ ᠶᠢ ᠳᠣᠲᠣᠷ᠎ᠠ ᠪᠠᠨ ᠲᠤᠭ᠎ᠠ ᠲᠠᠢ᠂ ᠰᠡᠷᠭᠡᠶᠢᠯᠡᠵᠦ ᠡᠵᠡᠮᠳᠡᠵᠦ ᠪᠣᠯᠬᠤ ᠶᠢ ᠪᠡᠶᠡᠯᠡᠭᠦᠯᠵᠦ᠂ ᠠᠭᠤᠷᠬᠠᠢ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠬᠤ ᠠᠬᠢᠴᠠ ᠤᠳᠠᠭᠠᠨ᠂ ᠢᠨᠵᠧᠨᠧᠷᠢᠩ ᠤᠨ ᠠᠷᠭ᠎ᠠ ᠬᠡᠮᠵᠢᠶ᠎ᠡ ᠬᠦᠷᠦᠯᠴᠡᠬᠦ ᠦᠭᠡᠢ᠂ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠢᠯᠡᠷᠬᠡᠶ ᠪᠤᠰᠤ ᠵᠡᠷᠭᠡ ᠳᠣᠪᠤᠶᠢᠮ᠎ᠠ ᠠᠰᠠᠭᠤᠳᠠᠯ ᠢ ᠦᠨᠡᠨᠬᠦ ᠰᠢᠢᠤᠡᠪᠤᠷᠢᠯᠡᠵᠤ᠂ ᠲᠡᠦᠬᠡ ᠶᠢᠨ ︽ᠥᠷᠢ︾᠎ ᠢ ᠪᠦᠬᠦ ᠲᠠᠯ᠎ᠠ ᠪᠠᠷ ᠡᠮᠬᠢᠯᠡᠨ ᠵᠠᠰᠠᠵᠤ᠂ ᠦᠨᠡᠨᠬᠦ ᠶᠠᠪᠤᠭᠳᠠᠭᠤᠰᠢᠲᠠᠶ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠲᠣᠭᠲᠠᠭᠠᠵᠤ᠂ ᠠᠭᠤᠷᠬᠠᠢ ᠶᠢᠨ ᠠᠵᠤ ᠠᠬᠤᠶᠢᠯᠠᠯ ᠤᠨ ᠡᠯ᠎ᠡ ᠵᠦᠢᠯ ᠤᠨ ᠬᠠᠷᠢᠭᠤᠴᠠᠯᠭ᠎ᠠ ᠪᠠᠨ‌‍ᠭᠦ᠋ᠢᠴᠠᠤᠡᠭᠡᠬᠦ ᠳᠤ ᠪᠦᠬᠦ ᠲᠠᠯ᠎ᠠ ᠪᠠᠷ ᠬᠢᠨᠠᠯᠲᠠ ᠲᠠᠯᠪᠢᠨ᠎ᠠ᠃    ᠲᠣᠰ ᠤᠳᠠᠭᠠᠨ ᠤ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠵᠠᠰᠠᠬᠤ ᠪᠠ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠪᠠᠶᠢᠴᠠᠭᠠᠯᠲᠠ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠵᠠᠰᠠᠬᠤ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠦᠨᠡᠨ ᠬᠦ ᠴᠢᠩᠭᠠᠳᠬᠠᠵᠤ᠂ ᠠᠭᠤᠷᠬᠠᠶ ᠶᠢᠨ ᠠᠵᠤ ᠠᠬᠤᠶᠢᠯᠠᠯ ᠢ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠣᠨᠣᠯᠵᠢᠬᠤᠨ ᠢ ᠪᠠᠲᠤ ᠪᠠᠬᠢ ᠪᠣᠶ ᠪᠣᠯᠭᠠᠬᠤ ᠶᠢ ᠠᠬᠢᠭᠤᠯᠵᠤ᠂ ᠬᠠᠶᠢᠷᠤᠪ ᠤᠨ ᠲᠣᠬᠤᠶ ᠲᠣᠭᠤᠷᠢᠭ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ︽ᠬᠠᠭᠤᠴᠢᠨ ᠥᠷᠢ ᠪᠠᠨ ᠲᠦᠷᠭᠡᠨ ᠲᠥᠯᠥᠬᠦ᠂ ᠰᠢᠨ᠎ᠡ ᠥᠷᠢ ᠲᠠᠯᠪᠢᠬᠤ ᠥᠬᠡᠶ ᠪᠠᠶᠢᠬᠤ︾ ᠪᠣᠬᠢᠷᠲᠤᠯ ᠥᠬᠡᠶ ᠬᠥᠭᠵᠢᠯᠲᠡ ᠶᠢᠨ ᠰᠡᠳᠬᠢᠮᠵᠢ ᠶᠢ ᠪᠥᠬᠦ ᠲᠤᠭ᠎ᠠ ᠪᠠᠷ ᠨᠢ ᠪᠤᠳᠤᠬᠤ ᠪᠠ ᠬᠡᠷᠡᠭᠯᠡᠨ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠡᠭᠦᠷᠭᠡ ᠪᠠᠨ ᠭᠦᠶ᠋ᠴᠡᠳᠬᠡᠵᠦ᠂ ᠡᠯ᠎ᠡ ᠠᠭᠤᠷᠬᠠᠶ ᠶᠢᠨ ᠠᠵᠤ ᠠᠬᠤᠶᠢᠯᠠᠯ ᠤᠨ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠵᠠᠰᠠᠬᠤ ᠡᠭᠦᠷᠭᠡ ᠪᠠᠨ ᠦᠨᠡᠨ ᠬᠦ ᠪᠣᠳᠠᠲᠠᠶ ᠳᠤ ᠨᠠᠶᠢᠳᠠᠪᠤᠷᠢᠵᠢᠭᠤᠯᠵᠤ᠂ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠵᠠᠰᠠᠬᠤ ᠪᠠ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠦᠨᠡᠨ ᠬᠦ ᠪᠣᠳᠠᠲᠠᠶ ᠳᠤ ᠨᠠᠶᠢᠳᠠᠪᠤᠷᠢᠵᠢᠭᠤᠯᠵᠤ᠂ ᠬᠠᠶᠢᠷᠤᠪ ᠤᠨ ᠲᠣᠬᠤᠶ ᠲᠣᠭᠤᠷᠢᠭ ᠤᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠦᠷᠢᠶᠡᠨ ᠳᠠᠬᠢ ᠠᠮᠢ ᠠᠬᠤᠶ ᠶᠢᠨ ᠪᠣᠯᠪᠠᠰᠤᠨ ᠢ ᠲᠦᠷᠭᠡᠨ ᠬᠥᠭᠵᠢᠭᠦᠯᠬᠦ ᠶᠢ ᠦᠨᠡᠨ ᠬᠦ ᠪᠠᠲᠤᠯᠠᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号