ᠬᠠᠶᠢᠷᠤᠪ ᠤᠨ ᠲᠤᠬᠤᠢ ᠵᠡᠮᠳᠡᠭᠴᠦᠳ ᠢ ᠲᠤᠰᠠᠯᠠᠬᠤ ᠪᠣᠯᠪᠠᠰᠤᠨ ᠤ ᠦᠢᠯᠡᠳᠦᠯᠭᠡ ᠶᠢᠨ ᠰᠢᠷᠢᠰ ᠠᠵᠢᠯᠯᠠᠭ᠎ᠠ ᠶᠢ ᠦᠷᠨᠢᠭᠦᠯᠪᠡ
ᠨᠡᠶᠢᠲᠡᠯᠡᠭᠰᠡᠨ ᠴᠠᠭ᠄
2024/5/17
    ︽︿ᠠᠷᠪᠠᠨ ᠳᠥᠷᠪᠡᠳᠦᠭᠡᠷ ᠲᠠᠪᠤᠨ ᠵᠢᠯ﹀᠎ ᠤᠨ ᠵᠡᠮᠳᠡᠭᠴᠦᠳ ᠢ ᠪᠠᠲᠤᠯᠠᠬᠤ ᠪᠠ ᠬᠥᠭᠵᠢᠭᠦᠯᠬᠦ ᠲᠥᠯᠥᠪᠵᠢᠭᠦᠯᠭᠡ︾᠎ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ ᠶᠢᠨ ᠲᠦᠷᠢᠮ ᠪᠠ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠬᠢᠴᠠ ᠳᠤᠮᠳᠠ ᠵᠡᠮᠳᠡᠭᠴᠦᠳ ᠤᠨ ᠦᠢᠯᠡᠰ ᠤᠨ ᠪᠥᠬᠦ ᠲᠠᠯ᠎ᠠ ᠶᠢᠨ ᠬᠥᠭᠵᠢᠯᠲᠡ ᠶᠢ ᠲᠠᠰᠤᠷᠠᠯᠲᠠ ᠥᠬᠡᠶ ᠠᠬᠢᠭᠤᠯᠵᠤ᠂ ᠵᠡᠮᠳᠡᠭᠴᠦᠳ ᠤᠨ ᠬᠠᠮᠲᠤ ᠪᠠᠷ ᠪᠠᠶᠠᠵᠢᠬᠤ ᠶᠢ ᠠᠬᠢᠭᠤᠯᠬᠤ ᠶᠢᠨ ᠲᠥᠯᠥᠭᠡ᠂ ᠭᠤᠴᠢᠨ ᠳᠥᠷᠪᠡᠳᠦᠭᠡᠷ ᠪᠥᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ ᠬᠦᠷᠴᠦ ᠢᠷᠡᠬᠦ ᠲᠠᠰᠢᠷᠠᠮ ᠢᠶᠠᠷ᠂ ᠬᠠᠶᠢᠷᠤᠪ ᠤᠨ ᠲᠣᠬᠤᠢ ᠲᠣᠭᠤᠷᠢᠭ ᠤᠨ ᠵᠡᠮᠳᠡᠭᠴᠦᠳ ᠤᠨ ᠬᠤᠯᠪᠣᠭᠠᠲᠤ ᠬᠤᠷᠠᠯ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠵᠡᠮᠳᠡᠭᠴᠦᠳ ᠢ ᠲᠤᠰᠠᠯᠠᠬᠤ᠂ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠡᠳ᠋ᠯᠡᠬᠦ︾ ᠭᠤᠤᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ᠂ ᠣᠯᠠᠨ ᠶᠠᠩᠵᠤ ᠬᠡᠯᠪᠡᠷᠢ ᠶᠢᠨ ᠰᠢᠨ᠎ᠡ ᠴᠠᠭ ᠦᠶ᠎ᠡ ᠶᠢᠨ ᠵᠡᠮᠳᠡᠭᠴᠦᠳ ᠢ ᠲᠡᠳᠬᠦᠬᠦ᠂ ᠵᠡᠮᠳᠡᠭᠴᠦᠳ ᠢ ᠲᠤᠰᠠᠯᠠᠬᠤ ᠪᠣᠯᠪᠠᠰᠤᠨ ᠤ ᠦᠢᠯᠡᠳᠦᠯᠭᠡ ᠶᠢᠨ ᠰᠢᠷᠢᠰ ᠠᠵᠢᠯᠯᠠᠭ᠎ᠠ ᠶᠢ ᠥᠷᠨᠢᠭᠦᠯᠵᠦ᠂ ᠵᠡᠮᠳᠡᠭᠴᠦᠳ ᠲᠤ ᠢᠳᠡᠪᠬᠢᠲᠡᠶ ᠪᠠᠷ ᠪᠣᠳᠠᠲᠤ ᠶᠠᠪᠤᠳᠠᠯ ᠬᠢᠵᠦ᠂ ᠬᠦᠴᠢᠷ ᠠᠰᠠᠭᠤᠳᠠᠯ ᠢ ᠰᠢᠢᠤᠡᠪᠤᠷᠢᠯᠡᠵᠤ ᠥᠭᠪᠡ᠃ 
    ᠬᠠᠶᠢᠷᠤᠪ ᠤᠨ ᠲᠤᠬᠤᠢ ᠲᠣᠭᠤᠷᠢᠭ ᠤᠨ ᠵᠡᠮᠳᠡᠭᠴᠦᠳ ᠤᠨ ᠬᠤᠯᠪᠣᠭᠠᠲᠤ ᠬᠤᠷᠠᠯ ᠨᠢ ᠬᠠᠶᠢᠷᠤᠪ ᠤᠨ ᠲᠤᠬᠤᠢ ᠲᠣᠭᠤᠷᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠦᠬᠠᠢ ᠬᠤᠳᠠ ᠶᠢᠨ ᠭᠡᠷᠡᠯ ᠰᠠᠴᠤᠷᠠᠩᠭᠤᠢ ᠦᠢᠯᠡᠰ ᠢ ᠠᠬᠢᠭᠤᠯᠬᠤ ᠨᠡᠶᠢᠭᠡᠮᠯᠢᠭ ᠲᠠᠢ ᠬᠠᠮᠲᠤᠷᠠᠨ᠂ ᠦᠬᠠᠢ ᠬᠤᠳᠠ ᠶᠢᠨ ᠬᠠᠢ ᠢ ᠲᠦᠩ ᠶᠢᠨ ᠯᠦᠩ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠢᠵᠠᠭᠠᠷᠲᠤ ᠺᠣᠮᠫᠠᠨᠢ ᠳᠤ ᠬᠦᠷᠴᠦ ᠲᠣᠭᠤᠷᠢᠨ ᠦᠵᠡᠵᠦ᠂ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠠᠵᠢᠯᠳᠠᠨ᠂ ᠵᠡᠮᠳᠡᠭᠴᠦᠳ ᠢ ᠲᠤᠰᠠᠯᠠᠬᠤ ᠰᠠᠶᠢᠨ ᠳᠤᠷ᠎ᠠ ᠶᠢᠨ ᠠᠵᠢᠯᠯᠠᠭᠴᠢ᠂ ᠡᠯ᠎ᠡ ᠵᠡᠮᠳᠡᠭᠴᠦᠳ ᠤᠨ ᠲᠤᠰᠬᠠᠢ ᠨᠡᠶᠢᠭᠡᠮᠯᠢᠭ ᠤᠨ ᠲᠡᠷᠢᠭᠦᠯᠡᠭᠴᠢ ᠵᠢᠴᠢ ᠬᠡᠰᠡᠭ ᠵᠡᠮᠳᠡᠭᠴᠦᠳ ᠤᠨ ᠲᠥᠯᠥᠭᠡᠯᠡᠭᠴᠢ 40 ᠭᠠᠷᠤᠢ ᠬᠥᠮᠦᠨ ᠠᠵᠢᠯᠯᠠᠭ᠎ᠠ ᠳᠤ ᠣᠷᠣᠯᠴᠠᠪᠠ᠃
    ᠲᠣᠰ ᠤᠳᠠᠭᠠᠨ ᠤ ᠠᠵᠢᠯᠯᠠᠭ᠎ᠠ ᠳᠤ ᠣᠯᠠᠨ ᠲᠠᠯ᠎ᠠ ᠶᠢᠨ ᠰᠣᠯᠢᠯᠴᠠᠭᠠᠨ ᠤ ᠲᠠᠪᠴᠠᠩ ᠢ ᠪᠠᠶᠢᠭᠤᠯᠵᠤ᠂ ᠵᠡᠮᠳᠡᠭᠴᠦᠳ᠂ ᠠᠵᠤ ᠠᠬᠤᠶᠢᠯᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠭᠡᠭᠡᠨ ᠬᠥᠭᠵᠢᠭᠦᠯᠦᠭᠴᠢ ᠪᠠ ᠲᠥᠷᠥ ᠶᠢᠨ ᠪᠣᠳᠣᠯᠭ᠎ᠠ ᠲᠣᠭᠲᠠᠭᠠᠭᠴᠢᠳ ᠢ ᠰᠢᠨᠵᠢᠯᠡᠬᠦ ᠤᠬᠠᠭᠠᠨ ᠮᠡᠷᠭᠡᠵᠢᠯ ᠤᠨ ᠵᠡᠮᠳᠡᠭᠴᠦᠳ ᠢ ᠲᠤᠰᠠᠯᠠᠭᠰᠠᠨ ᠣᠳᠣᠬᠢ ᠪᠠᠶᠢᠳᠠᠯ᠂ ᠥᠷᠢᠰᠥᠯᠳᠦᠭᠡᠨ ᠪᠠ ᠠᠵᠠ ᠲᠣᠬᠢᠶᠠᠯ ᠤᠨ ᠲᠤᠬᠠᠶ ᠭᠦᠨᠵᠡᠭᠡᠶ ᠶᠠᠷᠢᠯᠴᠠᠵᠤ᠂ ᠰᠢᠢᠳᠪᠦᠷᠢᠯᠡᠬᠦ ᠲᠥᠰᠦᠯ ᠢ ᠬᠠᠮᠲᠤ ᠪᠠᠷ ᠬᠠᠶᠢᠨ ᠰᠦᠪᠡᠭᠴᠢᠯᠡᠪᠡ᠃    5 ᠰᠠᠷ᠎ᠠ ᠶᠢᠨ 15᠎ ᠤ ᠡᠳᠦᠷ ᠤᠨ ᠦᠳᠡ ᠶᠢᠨ ᠡᠮᠦᠨ᠎ᠡ᠂ ᠬᠠᠶᠢᠷᠤᠪ ᠤᠨ ᠲᠣᠬᠤᠢ ᠲᠣᠭᠤᠷᠢᠭ ᠤᠨ ᠵᠡᠮᠳᠡᠭᠴᠦᠳ ᠤᠨ ᠬᠤᠯᠪᠣᠭᠠᠲᠤ ᠬᠤᠷᠠᠯ ᠦᠬᠠᠶ ᠬᠤᠲᠠ ᠶᠢᠨ ᠵᠡᠮᠳᠡᠭᠴᠦᠳ ᠤᠨ ᠬᠤᠯᠪᠣᠭᠠᠲᠤ ᠬᠤᠷᠠᠯ᠂ ᠬᠠᠶᠢᠷᠤᠪ ᠤᠨ ᠲᠣᠬᠤᠢ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠲᠠᠢ ᠬᠠᠮᠲᠤᠷᠠᠨ ᠴᠡᠴᠡᠷᠯᠢᠭ ᠤᠨ ᠵᠡᠭᠦᠨ ᠡᠭᠦᠳᠡᠨ ᠳᠤ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠵᠡᠮᠳᠡᠭᠴᠦᠳ ᠢ ᠬᠠᠪᠰᠤᠷᠤᠨ ᠰᠠᠶᠢᠨ ᠰᠠᠶᠢᠬᠠᠨ ᠠᠮᠢᠳᠤᠷᠠᠯ ᠢ ᠬᠠᠮᠲᠤᠪᠠᠷ ᠡᠳ᠋ᠯᠡᠶ᠎ᠡ︾ ᠭᠡᠬᠦ ᠭᠤᠤᠯ ᠰᠡᠳᠦᠪᠲᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠠᠯᠪᠠᠨ ᠵᠢᠷᠤᠮ ᠤᠨ ᠡᠮᠴᠢᠯᠡᠭᠡ ᠵᠡᠷᠭᠡ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠰᠠᠶᠢᠨ ᠳᠤᠷ᠎ᠠ ᠶᠢᠨ ᠦᠢᠯᠡᠴᠢᠯᠡᠭᠴᠢᠳ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠣᠯᠠᠨ ᠲᠦᠮᠡᠨ ᠤ ᠲᠤᠬᠠᠶ ᠶᠢᠨ ᠲᠠᠯᠠᠪᠤᠷ ᠤᠨ ᠯᠠᠪᠯᠠᠭ᠎ᠠ ᠶᠢ ᠭᠥᠯᠢᠶᠡᠨ ᠠᠪᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠠᠰᠢ ᠴᠠᠰᠢ ᠶᠠᠪᠤᠵᠤ ᠪᠠᠶᠢᠭ᠎ᠠ ᠣᠯᠠᠨ ᠲᠦᠮᠡᠨ ᠳᠤ ᠵᠡᠮᠳᠡᠭᠴᠦᠳ ᠤᠨ ᠵᠡᠮᠳᠡᠭᠴᠦᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠪᠠ ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ ᠶᠢ ᠤᠬᠠᠭᠤᠯᠬᠤ ᠶᠢᠨ ᠬᠠᠮᠲᠤ ᠵᠡᠮᠳᠡᠭᠴᠦᠳ ᠤᠨ ᠬᠤᠯᠪᠣᠭ᠎ᠠ ᠶᠢᠨ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭᠴᠦᠳ ᠤᠨ ᠪᠠᠲᠤᠯᠠᠭ᠎ᠠ ᠶᠢᠨ ᠬᠠᠤᠯᠢ︾᠂ ︽ᠵᠡᠮᠳᠡᠭᠴᠦᠳ ᠤᠨ ᠠᠵᠢᠯ ᠣᠯᠭᠤᠯᠲᠠ ᠶᠢᠨ ᠲᠦᠷᠢᠮ︾ ᠵᠡᠷᠭᠡ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠲᠠᠷᠬᠠᠭᠠᠵᠤ᠂ ᠵᠡᠮᠳᠡᠭᠴᠦᠳ ᠤᠨ ᠳᠤᠷᠠᠳᠤᠭᠰᠠᠨ ᠪᠡᠶ᠎ᠡ ᠪᠠᠨ ᠳᠠᠭᠠᠭᠠᠵᠤ ᠠᠵᠢᠯ ᠣᠯᠵᠤ ᠠᠳᠠᠯ ᠦᠢᠯᠡᠰ ᠴᠣᠭᠴᠠᠯᠠᠬᠤ᠂ ᠡᠷᠡᠭᠦᠯᠵᠢᠭᠦᠯᠬᠦ᠂ ᠰᠤᠷᠭᠠᠨ ᠬᠥᠮᠦᠵᠢᠯ ᠵᠡᠷᠭᠡ ᠠᠰᠠᠭᠤᠳᠠᠯ ᠳᠤ ᠨᠠᠷᠢᠨ ᠬᠢᠨᠠᠮᠠᠭᠠᠶ ᠬᠠᠷᠢᠭᠤᠯᠲᠠ ᠥᠭᠪᠡ᠃    ᠠᠵᠢᠯᠯᠠᠭ᠎ᠠ ᠳᠤ ᠦᠬᠠᠶ ᠬᠤᠲᠠ ᠶᠢᠨ ᠣᠶᠤᠨ ᠮᠡᠳᠡᠷᠡᠯ ᠤᠨ ᠡᠷᠡᠭᠦᠯ ᠬᠠᠮᠠᠭᠠᠯᠠᠯ ᠤᠨ ᠲᠥᠪ᠂ ᠬᠤᠲᠠ ᠶᠢᠨ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ᠂ ᠬᠤᠲᠠ ᠶᠢᠨ ᠡᠬᠡ ᠨᠢᠯᠬᠠᠰ ᠤᠨ ᠡᠷᠡᠭᠦᠯᠵᠢᠯ ᠤᠨ ᠬᠤᠷᠢᠶᠠᠨ ᠤ ᠬᠡᠤᠬᠡᠳ ᠤᠨ ᠡᠮᠨᠡᠯᠭᠡ ᠶᠢᠨ ᠬᠤᠷᠢᠶ᠎ᠠ ᠪᠣᠯᠤᠨ ᠰᠢᠤᠢ ᠱᠧᠩ ᠨᠢᠳᠦᠨ ᠤ ᠡᠮᠨᠡᠯᠭᠡ ᠶᠢᠨ ᠬᠤᠷᠢᠶ᠎ᠠ ᠶᠢ ᠤᠷᠢᠵᠤ ᠠᠯᠪᠠᠨ ᠵᠢᠷᠤᠮ ᠤᠨ ᠡᠮᠴᠢᠯᠡᠭᠡᠨ ᠤ ᠦᠢᠯᠡᠴᠢᠯᠡᠭᠡ ᠬᠠᠩᠭᠠᠪᠠ᠃ ᠠᠯᠪᠠᠨ ᠵᠢᠷᠤᠮ ᠤᠨ ᠡᠮᠴᠢᠯᠡᠭᠡᠨ ᠤ ᠡᠮᠴᠢ ᠲᠤᠬᠠᠶ ᠶᠢᠨ ᠲᠠᠯᠠᠪᠤᠷ ᠲᠤ ᠬᠠᠷᠠᠭ᠎ᠠ ᠶᠢ ᠪᠠᠶᠢᠴᠠᠭᠠᠨ ᠬᠡᠮᠵᠢᠬᠦ᠂ ᠴᠢᠰᠤᠨ ᠰᠢᠬᠢᠷ ᠢ ᠬᠡᠮᠵᠢᠬᠦ᠂ ᠴᠢᠰᠤᠨ ᠳᠠᠷᠤᠯᠲᠠ ᠶᠢ ᠬᠡᠮᠵᠢᠬᠦ᠂ ᠨᠢᠳᠦᠨ ᠤ B ᠬᠡᠲᠦ ᠳᠣᠯᠭᠢᠶᠠᠨ᠂ ᠨᠢᠳᠦᠨ ᠤ ᠳᠠᠷᠤᠯᠲᠠ ᠶᠢ ᠬᠡᠮᠵᠢᠬᠦ᠂ ᠺᠣᠮᠫᠢᠦ᠋ᠲ᠋ᠧᠷ ᠤᠨ ᠭᠡᠷᠡᠯ ᠢ ᠪᠠᠶᠢᠴᠠᠭᠠᠬᠤ ᠵᠡᠷᠭᠡ ᠲᠥᠷᠥᠯ ᠵᠦᠢᠯ ᠢ ᠪᠠᠶᠢᠴᠠᠭᠠᠬᠤ ᠶᠢᠨ ᠬᠠᠮᠲᠤ ᠬᠠᠷᠠᠭᠠᠨ ᠤ ᠪᠠᠶᠢᠴᠠᠭᠠᠯᠲᠠ ᠶᠢᠨ ᠲᠠᠩᠰᠠ ᠡᠪᠬᠡᠮᠡᠯ ᠤᠨ ᠬᠦᠰᠦᠨᠦᠭᠲᠦ ᠶᠢ ᠲᠠᠭᠯᠠᠵᠤ᠂ ᠪᠠᠶᠢᠴᠠᠭᠠᠭᠰᠠᠨ ᠦᠷ᠎ᠡ ᠳ᠋ᠦᠩ ᠢ ᠦᠨᠳᠦᠰᠦᠯᠡᠨ ᠲᠤᠰᠬᠠᠶ ᠮᠡᠷᠭᠡᠵᠢᠯ ᠤᠨ ᠴᠢᠨᠠᠷᠲᠠᠶ ᠵᠢᠯᠣᠭᠤᠳᠬᠤ ᠰᠠᠨᠠᠯ ᠳᠤᠷᠠᠳᠪᠠ᠃      ᠲᠣᠰ ᠤᠳᠠᠭᠠᠨ ᠤ ᠵᠡᠮᠳᠡᠭᠴᠦᠳ ᠢ ᠲᠤᠰᠠᠯᠠᠬᠤ ᠡᠳᠦᠷ ᠤᠨ ᠰᠢᠷᠢᠰ ᠠᠵᠢᠯᠯᠠᠭ᠎ᠠ ᠨᠢ ᠵᠡᠮᠳᠡᠭᠴᠦᠳ ᠲᠤ ᠰᠣᠶᠣᠯ ᠤᠨ ᠠᠮᠤ ᠪᠤᠳᠠᠭ᠎ᠠ ᠬᠦᠷᠭᠡᠭᠰᠡᠨ ᠪᠥᠭᠡᠳ ᠪᠠᠰᠠ ᠲᠡᠳᠡᠨ ᠳᠤ ᠭᠠᠳᠠᠭᠠᠳᠤ ᠯᠤᠭ᠎ᠠ ᠶᠢᠨ ᠨᠡᠪᠲᠡᠷᠡᠯᠴᠡᠭᠡ ᠪᠠ ᠰᠣᠯᠢᠯᠴᠠᠭᠠᠨ ᠤ ᠲᠠᠪᠴᠠᠩ ᠪᠠᠶᠢᠭᠤᠯᠤᠨ ᠥᠭᠴᠦ᠂ ᠵᠡᠮᠳᠡᠭᠴᠦᠳ ᠤᠨ ᠣᠶᠤᠨ ᠤ ᠰᠣᠶᠣᠯ ᠤᠨ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠤᠨ᠂ ᠵᠡᠮᠳᠡᠭᠴᠦᠳ ᠤᠨ ᠵᠣᠯ ᠵᠢᠷᠭᠠᠯᠲᠤ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠵᠦ᠂ ︽ᠦᠨᠳᠦᠰᠦᠲᠡᠨ ᠨᠦᠭᠦᠳ ᠪᠦᠯᠬᠦᠮᠳᠡᠨ ᠨᠢᠭᠡ ᠬᠡᠷ ᠪᠦᠯᠢ ᠮᠡᠲᠦ ᠳᠣᠲᠣᠨᠣ︾ ᠪᠠ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠡᠷᠡᠰ ᠪᠠᠲᠤ ᠢᠲᠡᠭᠡᠯ ᠵᠣᠷᠢᠭ ᠢ ᠤᠯᠠᠮ ᠨᠢᠭᠡ ᠠᠯᠬᠤᠮ ᠴᠢᠩᠭᠠᠷᠠᠭᠤᠯᠪᠠ᠃ ᠬᠠᠶᠢᠷᠤᠪ ᠤᠨ ᠲᠤᠬᠤᠢ ᠲᠣᠭᠤᠷᠢᠭ ᠤᠨ ᠬᠢᠨ ᠵᠡᠮᠳᠡᠭ ᠬᠠᠮᠲᠤᠯᠢᠭ ᠢ ᠬᠠᠯᠠᠮᠵᠢᠯᠠᠨ ᠬᠠᠶᠢᠷᠠᠯᠠᠬᠤ ᠠᠵᠢᠯ ᠢ ᠲᠠᠰᠤᠷᠠᠯᠲᠠ ᠦᠭᠡᠢ ᠨᠠᠷᠢᠯᠢᠭᠵᠢᠭᠤᠯᠵᠤ᠂ ᠵᠡᠮᠳᠡᠭᠴᠦᠳ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠵᠡᠮᠳᠡᠭᠴᠦᠳ ᠤᠨ ᠠᠮᠢᠳᠤᠷᠠᠯ ᠤᠨ ᠪᠠᠶᠢᠳᠠᠯ ᠢ ᠰᠢᠯᠢᠳᠡᠭᠵᠢᠭᠦᠯᠦᠨ ᠰᠠᠶᠢᠵᠢᠷᠠᠭᠤᠯᠵᠤ᠂ ᠬᠠᠶᠢᠷᠤᠪ ᠤᠨ ᠲᠤᠬᠤᠢ ᠲᠣᠭᠤᠷᠢᠭ ᠤᠨ ᠵᠡᠮᠳᠡᠭᠴᠦᠳ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号