ᠬᠠᠶᠢᠷᠤᠪ ᠤᠨ ᠲᠤᠬᠤᠢ ᠲᠣᠭᠤᠷᠢᠭ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ 2024 ᠣᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠪᠣᠯᠪᠠᠰᠤᠷᠠᠯ ᠤᠨ ᠬᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2024/5/21
    ︽ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠤᠯᠢ︾᠂ ︽ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾᠎ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠤᠰᠠᠳᠠ᠂ 2024 ᠣᠨ ᠤ 5 ᠰᠠᠷ᠎ᠠ ᠶᠢᠨ 7᠎ ᠤ ᠡᠳᠦᠷ ᠬᠠᠶᠢᠷᠤᠪ ᠤᠨ ᠲᠣᠬᠤᠶ ᠲᠣᠭᠤᠷᠢᠭ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ 2024 ᠣᠨ ᠤ ᠬᠠᠶᠢᠷᠤᠪ ᠤᠨ ᠲᠣᠬᠤᠶ ᠲᠣᠭᠤᠷᠢᠭ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠪᠣᠯᠪᠠᠰᠤᠷᠠᠯ ᠤᠨ ᠬᠤᠷᠠᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠤᠨ ᠪᠥᠬᠦ ᠠᠵᠢᠯᠲᠠᠨ᠂ ᠡᠯ᠎ᠡ ᠬᠠᠤᠯᠢ ᠴᠠᠭᠠᠵᠠ ᠶᠢᠨ ᠭᠠᠵᠠᠷ ᠤᠨ ᠳᠠᠷᠤᠭ᠎ᠠ ᠪᠣᠯᠤᠨ ᠡᠯ᠎ᠡ ᠨᠡᠶᠢᠭᠡᠮ ᠲᠣᠭᠤᠷᠢᠭ ᠤᠨ ᠬᠠᠷᠢᠭᠤᠴᠠᠯᠭᠠᠲᠠᠨ ᠨᠡᠶᠢᠲᠡ 50 ᠭᠠᠷᠤᠶ ᠬᠥᠮᠦᠨ ᠲᠣᠰ ᠤᠳᠠᠭᠠᠨ ᠤ ᠪᠣᠯᠪᠠᠰᠤᠷᠠᠯ ᠳᠤ ᠣᠷᠣᠯᠴᠠᠪᠠ᠃    ᠪᠣᠯᠪᠠᠰᠤᠷᠠᠭᠤᠯᠤᠯ ᠤᠨ ᠬᠤᠷᠠᠯ ᠠᠴᠠ ︽ᠦᠬᠠᠶ ᠬᠤᠲᠠ ᠶᠢᠨ ᠬᠠᠤᠯᠢ ᠴᠠᠭᠠᠵᠠ ᠶᠢᠨ ᠲᠤᠰᠠᠯᠠᠮᠵᠢ ᠶᠢᠨ ︿ᠬᠤᠲᠠ ᠶᠢᠨ ᠬᠡᠪᠴᠢᠶᠡᠨ ᠳᠤ ᠨᠡᠶᠢᠳᠡᠮ ᠭᠦᠢᠴᠡᠳᠭᠡᠬᠦ﹀᠎ ᠶᠢᠨ ᠬᠡᠷᠡᠭᠵᠢᠭᠦᠯᠬᠦ ᠲᠥᠰᠦᠯ︾᠎ ᠢ ᠤᠯᠠᠮᠵᠢᠯᠠᠵᠤ᠂ 2023 ᠣᠨ ᠤ ᠬᠠᠤᠯᠢ ᠪᠠᠷ ᠵᠠᠰᠠᠬᠤ ᠳᠡᠳ᠋ ᠡᠷᠬᠢᠯᠡᠭᠴᠢ ᠶᠢᠨ ᠬᠢᠨᠠᠨ ᠰᠢᠯᠭᠠᠭᠰᠠᠨ ᠪᠠᠶᠢᠳᠠᠯ ᠢ ᠵᠠᠷᠯᠠᠨ ᠮᠡᠳᠡᠭᠳᠡᠵᠦ᠂ ᠲᠠᠷᠠᠭᠠᠴᠢ ᠶᠢᠨ ᠱᠠᠲᠤᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠡᠭᠦᠷᠭᠡ ᠶᠢᠨ ᠭᠤᠤᠯᠳᠠᠯᠭ᠎ᠠ ᠶᠢ ᠳᠣᠭᠢᠷᠠᠭᠤᠯᠤᠨ ᠪᠠᠶᠢᠷᠢᠯᠠᠭᠤᠯᠪᠠ᠃ ᠪᠣᠯᠪᠠᠰᠤᠷᠠᠭᠤᠯᠤᠯ ᠤᠨ ᠬᠤᠷᠠᠯ ᠠᠴᠠ ᠥᠪᠥᠷ ᠮᠣᠩᠭᠤᠯ ᠤᠨ ᠶᠢᠨ ᠰᠢ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠳ᠋ᠦ᠋ ᠶᠢᠨ ᠬᠤᠩ ᠬᠠᠤᠯᠢᠴᠢ ᠶᠢ ᠤᠷᠢᠵᠤ ︽ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠤᠯᠢ︾᠎ ᠶᠢᠨ ᠲᠤᠰᠬᠠᠶ ᠰᠡᠳᠦᠪᠲᠦ ᠲᠠᠶᠢᠯᠤᠮᠵᠢ ᠬᠢᠯᠭᠡᠵᠦ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠤᠨ ᠠᠵᠢᠯᠲᠠᠨ ᠢ ᠤᠷᠢᠵᠤ ᠮᠠᠨ ᠤ ᠲᠤᠭᠤᠷᠢᠭ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠢ ᠭᠤᠶᠤᠴᠢᠯᠠᠨ ᠰᠢᠢᠤᠡᠪᠤᠷᠢᠯᠡᠬᠦ ᠵᠡᠷᠭᠡ ᠭᠤᠭᠴᠤᠭ᠎ᠠ ᠶᠢᠨ ᠠᠵᠢᠯ ᠤᠨ ᠶᠠᠪᠤᠴᠠ ᠪᠠ ᠰᠢᠨ᠎ᠡ ᠬᠡᠪᠯᠡᠯ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠪᠢᠴᠢᠭ ᠬᠠᠷ᠎ᠠ ᠶᠢ ᠬᠡᠷᠡᠭᠯᠡᠭᠰᠡᠨ ᠵᠡᠷᠭᠡ ᠠᠭᠤᠯᠭ᠎ᠠ ᠳᠤ ᠨᠠᠷᠢᠨ ᠲᠠᠶᠢᠯᠤᠮᠵᠢ ᠬᠢᠯᠭᠡᠪᠡ᠃     ᠲᠣᠰ ᠤᠳᠠᠭᠠᠨ ᠤ ᠪᠣᠯᠪᠠᠰᠤᠷᠠᠭᠤᠯᠤᠯ ᠤᠨ ᠠᠭᠤᠯᠭ᠎ᠠ ᠨᠢ ᠠᠵᠢᠯ ᠤᠨ ᠪᠣᠳᠠᠲᠤ ᠪᠠᠶᠢᠳᠠᠯ ᠳᠤ ᠰᠠᠭᠤᠷᠢᠯᠠᠨ᠂ ᠰᠠᠭᠤᠷᠢ ᠣᠨᠣᠯ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠢ ᠬᠠᠮᠲᠤ ᠳᠤᠨᠢ ᠬᠠᠷᠠᠭᠠᠯᠵᠠᠵᠤ᠂ ᠪᠥᠬᠦ ᠲᠤᠭᠤᠷᠢᠭ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠵᠢᠷᠤᠮᠵᠢᠭᠤᠯᠬᠤ ᠪᠠᠶᠢᠭᠤᠯᠤᠯᠲᠠ ᠶᠢ ᠠᠬᠢᠭᠤᠯᠬᠤ ᠳᠤ ᠰᠠᠶᠢᠨ ᠰᠠᠶᠢᠬᠠᠨ ᠰᠠᠭᠤᠷᠢ ᠶᠢ ᠲᠠᠯᠪᠢᠵᠤ ᠥᠭᠴᠡᠶ᠃ ᠳᠠᠷᠠᠭᠠᠴᠢ ᠶᠢᠨ ᠠᠯᠬᠤᠮ ᠳᠤ᠂ ᠬᠠᠶᠢᠷᠤᠪ ᠤᠨ ᠲᠤᠬᠤᠢ ᠲᠣᠭᠤᠷᠢᠭ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠠᠴᠠ ᠲᠤᠰ ᠤᠳᠠᠭ᠎ᠠ ᠶᠢᠨ ᠪᠣᠯᠪᠠᠰᠤᠷᠠᠯ ᠤᠨ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠬᠦ ᠶᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠪᠣᠳᠠᠲᠤ ᠴᠣᠭᠴᠠ ᠶᠢᠨ ᠲᠠᠪᠴᠠᠩ ᠤᠨ ᠠᠵᠢᠯᠯᠠᠭᠠᠨ ᠤ ᠴᠢᠳᠠᠪᠤᠷᠢ ᠶᠢᠨ ᠲᠦᠪᠰᠢᠨ ᠢ ᠦᠷᠭᠦᠯᠵᠢᠯᠡᠨ ᠴᠢᠩᠭᠠᠳᠬᠠᠵᠤ᠂ ᠤᠯᠠᠨ ᠲᠦᠮᠡᠨ ᠳᠤ ᠨᠡᠩ ᠲᠤᠰᠬᠠᠶᠢᠵᠢᠭᠰᠠᠨ᠂ ᠳᠥᠭᠦᠮ ᠳᠥᠲᠡ᠂ ᠥᠨᠳᠥᠷ ᠪᠦᠲᠦᠮᠵᠢᠲᠡᠢ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号