ᠬᠠᠶᠢᠷᠤᠪ ᠤᠨ ᠲᠤᠬᠤᠢ ᠲᠣᠭᠤᠷᠢᠭ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/21
    ᠰᠤᠷᠭᠠᠭᠤᠯᠢ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢᠨ ᠡᠭᠦᠳᠦᠨ ᠪᠠᠶᠢᠭᠤᠯᠬᠤ ᠶᠠᠪᠤᠴᠠ ᠳᠠᠬᠢ ᠪᠠᠷᠢᠮᠵᠢᠶᠠᠵᠢᠭᠤᠯᠬᠤ ᠪᠠᠶᠢᠭᠤᠯᠤᠯᠲᠠ ᠪᠠ ᠬᠠᠮᠢᠶᠠᠷᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 5 ᠳ᠋ᠤᠭᠠᠷ ᠰᠠᠷ᠎ᠠ ᠶᠢᠨ 18᠎ ᠤ ᠡᠳᠦᠷ ᠤᠨ ᠦᠳᠡ ᠶᠢᠨ ᠡᠮᠦᠨ᠎ᠡ᠂ ᠬᠠᠶᠢᠷᠤᠪ ᠤᠨ ᠲᠣᠬᠤᠶ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠬᠢᠨᠠᠭᠴᠢ᠂ ᠪᠠᠶᠠᠨᠨᠠᠭᠤᠷ ᠬᠤᠲᠠ ᠶᠢᠨ ᠯᠢᠨ ᠾᠧ ᠲᠣᠭᠤᠷᠢᠭ ᠤᠨ ᠢ ᠹᠦ᠋ ᠰᠤᠷᠭᠠᠭᠤᠯᠢ ᠶᠢᠨ ᠤᠤᠯ ᠤᠨ ᠵᠠᠬᠢᠷᠤᠯ ᠸᠠᠩ ᠦ᠋ ᠢ ᠤᠷᠢᠯᠭ᠎ᠠ ᠪᠠᠷ ︽ᠳᠤᠮᠳᠠᠳᠤ ᠪᠠᠭ᠎ᠠ ᠰᠤᠷᠭᠠᠭᠤᠯᠢ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ᠂ ᠬᠠᠮᠢᠶᠠᠷᠤᠯᠲᠠ᠂ ᠬᠡᠷᠡᠭᠯᠡᠯᠲᠡ ᠶᠢᠨ ᠵᠢᠷᠤᠮᠵᠢᠯ︾ ᠭᠡᠬᠦ ᠰᠡᠳᠦᠪ ᠢᠶᠠᠷ ᠪᠣᠯᠪᠠᠰᠤᠷᠠᠭᠤᠯᠤᠯ ᠬᠢᠪᠠ᠃ ᠲᠣᠭᠤᠷᠢᠭ ᠤᠨ ᠰᠤᠷᠭᠠᠨ ᠬᠥᠮᠦᠵᠢᠯ ᠤᠨ ᠬᠢᠨᠠᠨ ᠵᠢᠯᠣᠭᠤᠳᠴᠤ ᠦᠨᠡᠯᠡᠨ ᠵᠢᠱᠢᠬᠦ ᠦᠢᠯᠡᠴᠢᠯᠡᠭᠡᠨ ᠤ ᠲᠥᠪ ᠤᠨ ᠡᠷᠬᠢᠯᠡᠭᠴᠢ ᠵᠠᠩ ᠰᠢᠶᠠᠨ ᠬᠤᠷᠠᠯ ᠢ ᠡᠷᠭᠢᠯᠡᠵᠦ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠡᠯ᠎ᠡ ᠬᠠᠮᠢᠶ᠎ᠠ ᠪᠥᠬᠦᠶ ᠰᠠᠯᠠᠭ᠎ᠠ ᠲᠠᠰᠤᠭ ᠤᠨ ᠬᠠᠷᠢᠭᠤᠴᠠᠯᠭᠠᠲᠠᠨ᠂ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠵᠠᠬᠢᠷᠤᠯ᠂ ᠬᠢᠴᠢᠶᠡᠯ ᠬᠥᠮᠦᠵᠢᠯ ᠤᠨ ᠶᠠᠪᠤᠳᠠᠯ ᠤᠨ ᠡᠷᠬᠢᠯᠡᠭᠴᠢ᠂ ᠤᠯᠤᠰ ᠲᠥᠷᠥ ᠰᠤᠷᠭᠠᠨ ᠬᠥᠮᠦᠵᠢᠯ ᠤᠨ ᠡᠷᠬᠢᠯᠡᠭᠴᠢ ᠬᠤᠷᠠᠯ ᠳᠤ ᠣᠷᠣᠯᠴᠠᠵᠠᠶ᠃
33058_700x700.png   
    ᠸᠠᠩ ᠦ᠋ ᠢ ᠨᠥᠬᠦᠷ ᠵᠢᠭᠠᠵᠤ ᠭᠠᠷᠭᠠᠭᠰᠠᠨ ᠨᠢ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠪᠠᠷᠢᠮᠵᠢᠶᠠᠵᠢᠭᠤᠯᠬᠤ ᠪᠠᠶᠢᠭᠤᠯᠤᠯᠲᠠ ᠪᠣᠯ ᠣᠳᠣᠬᠠᠨ ᠤ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠴᠢᠬᠤᠯᠠ ᠬᠠᠷᠠᠯᠲᠠ ᠮᠥᠨ᠂ ᠰᠤᠷᠭᠠᠭᠤᠯᠢ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠠᠬᠢᠭᠤᠯᠬᠤ ᠪᠠᠷ ᠳᠠᠮᠵᠢᠭᠤᠯᠤᠨ᠂ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠡᠩᠴᠡᠭᠦᠷᠢᠲᠡᠶ ᠲᠣᠬᠢᠷᠠᠭᠤᠯᠤᠯᠲᠠ ᠶᠢ ᠪᠡᠶᠡᠯᠡᠭᠦᠯᠵᠦ᠂ ᠰᠤᠷᠭᠠᠭᠤᠯᠢ ᠡᠷᠭᠢᠯᠡᠬᠦ ᠬᠢᠷᠢ ᠬᠡᠮᠵᠢᠶ᠎ᠡ ᠪᠠ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ᠂ ᠡᠭᠦᠨ ᠤ ᠤᠯᠠᠮ ᠢᠶᠠᠷ ᠰᠤᠷᠭᠠᠭᠤᠯᠢ ᠶᠢᠨ ᠬᠤᠭᠤᠷᠣᠨᠳᠣᠬᠢ ᠵᠥᠷᠢᠶ᠎ᠡ ᠶᠢ ᠪᠠᠭᠠᠰᠬᠠᠵᠤ᠂ ᠰᠣᠷᠣᠭᠴᠢ ᠨᠢᠭᠡᠪᠦᠷᠢ ᠳᠤ ᠴᠥᠮ ᠴᠢᠨᠠᠷ ᠰᠠᠶᠢᠲᠠᠶ ᠰᠤᠷᠭᠠᠨ ᠬᠥᠮᠦᠵᠢᠯ ᠤᠨ ᠡᠬᠢ ᠪᠠᠶᠠᠯᠢᠭ ᠬᠦᠷᠲᠡᠭᠡᠬᠦ ᠶᠢ ᠦᠨᠡᠨ ᠬᠦ  ᠪᠠᠲᠤᠯᠠᠬᠤ ᠪᠤᠯᠤᠨ᠎ᠠ᠃
33060_700x700.png   
    ᠪᠣᠯᠪᠠᠰᠤᠷᠠᠭᠤᠯᠤᠯ ᠤᠨ ᠳᠠᠷᠠᠭ᠎ᠠ᠂ ᠵᠠᠩ ᠰᠢᠶᠠᠨ᠂ ᠡᠯ᠎ᠡ ᠳᠤᠮᠳᠠᠳᠤ ᠪᠠᠭ᠎ᠠ ᠰᠤᠷᠭᠠᠭᠤᠯᠢ ᠨᠤᠭᠤᠳ ᠲᠠᠨᠢᠯᠲᠠ ᠶᠢᠨ ᠲᠠᠯ᠎ᠠ ᠪᠠᠷ ᠳᠠᠬᠢᠨ ᠭᠦᠨᠵᠡᠭᠡᠶᠢᠷᠡᠭᠦᠯᠵᠦ᠂ ᠦᠵᠡᠯ ᠰᠠᠨᠠᠭᠠᠨ ᠤ ᠲᠠᠯ᠎ᠠ ᠪᠠᠷ ᠳᠠᠬᠢᠨ ᠴᠢᠬᠤᠯᠠᠴᠢᠯᠠᠵᠤ᠂ ᠦᠢᠯᠡ ᠠᠵᠢᠯᠯᠠᠭ᠎ᠠ ᠶᠢᠨ ᠲᠠᠯ᠎ᠠ ᠪᠠᠷ ᠳᠠᠬᠢᠨ ᠲᠦᠷᠭᠡᠨ ᠪᠠᠶᠢᠵᠤ᠂ ᠬᠢᠴᠢᠶᠡᠯ ᠣᠷᠣᠬᠤ ᠠᠷᠭ᠎ᠠ ᠵᠠᠮ ᠵᠢᠴᠢ ᠪᠣᠳᠠᠲᠠᠶ ᠨᠠᠶᠢᠳᠠᠪᠤᠷᠢᠵᠢᠭᠤᠯᠬᠤ ᠠᠷᠭ᠎ᠠ ᠵᠠᠮ ᠪᠠ ᠠᠷᠭ᠎ᠠ ᠬᠡᠮᠵᠢᠶ᠎ᠡ ᠶᠢ ᠬᠢᠨᠠᠮᠠᠭᠠᠶ ᠤᠶᠢᠯᠠᠭᠠᠨ ᠰᠤᠳᠤᠯᠵᠤ᠂ ᠪᠣᠳᠠᠲᠠᠶ ᠲᠠᠢ ᠪᠠᠨ ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠡᠭᠦᠳᠦᠨ ᠪᠠᠶᠢᠭᠤᠯᠬᠤ ᠠᠵᠢᠯ ᠤᠨ ᠠᠵᠠ ᠲᠣᠬᠢᠶᠠᠯ ᠢ ᠠᠰᠢᠭᠯᠠᠨ ᠰᠤᠷᠭᠠᠭᠤᠯᠢ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠰᠤᠷᠭᠠᠭᠤᠯᠢ ᠶᠢ ᠵᠠᠰᠠᠵᠤ ᠬᠥᠮᠦᠨ ᠢ ᠬᠥᠮᠦᠵᠢᠭᠦᠯᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ ᠭᠡᠵᠤ ᠴᠢᠬᠤᠯᠠᠴᠢᠯᠠᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号