ᠰᠦᠨ ᠬᠤᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠪᠠ ᠦᠨᠳᠦᠰᠦᠨ ᠱᠠᠲᠤᠨ ᠤ ᠠᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/5/22
    ᠤᠢᠢᠷ᠎ᠠ ᠳᠤ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠦᠨ ᠬᠤᠤ ᠰᠢᠩ ᠹᠦ᠋ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠪᠣᠯᠤᠨ ᠦᠨᠳᠦᠰᠦᠨ ᠱᠠᠲᠤᠨ ᠤ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠤᠭᠰᠠᠨ ᠪᠥᠭᠡᠳ ᠵᠣᠯ ᠵᠢᠷᠭᠠᠯᠲᠤ ᠨᠡᠶᠢᠭᠡᠮ ᠲᠣᠭᠤᠷᠢᠭ ᠤᠨ ᠲᠥᠯᠥᠪᠵᠢᠭᠦᠯᠭᠡ ᠬᠥᠭᠵᠢᠯᠲᠡ ᠳᠤ ᠪᠣᠳᠠᠲᠠᠢ ᠰᠠᠨᠠᠯ ᠳᠤᠷᠠᠳᠴᠠᠢ᠃
640.jpg   
    ᠰᠢᠩ ᠹᠦ᠋ ᠨᠡᠶᠢᠭᠡᠮ ᠲᠣᠭᠤᠷᠢᠭ ᠤᠨ ᠵᠢᠵᠢᠭ ᠠᠭᠤᠳᠠᠮ ᠲᠠᠯᠠᠪᠠᠢ ᠶᠢ ᠥᠭᠡᠷᠡᠴᠢᠯᠡᠨ ᠪᠠᠶᠢᠭᠤᠯᠬᠤ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ᠂ ᠰᠦᠨ ᠬᠤᠤ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ᠂ ᠠᠬᠢᠴᠠ ᠵᠡᠷᠭᠡ ᠪᠠᠶᠢᠳᠠᠯ ᠢ ᠨᠠᠷᠢᠨ ᠯᠠᠪᠯᠠᠨ ᠠᠰᠠᠭᠤᠪᠠ᠃ ᠲᠡᠷᠡ᠂ ᠪᠠᠷᠢᠯᠭ᠎ᠠ ᠪᠠᠷᠢᠬᠤ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠠᠷᠢᠯᠭ᠎ᠠ ᠶᠢᠨ ᠮᠠᠲ᠋ᠧᠷᠢᠶᠠᠯ ᠤᠨ ᠪᠣᠭᠤᠮᠲᠠ᠂ ᠪᠠᠷᠢᠯᠭ᠎ᠠ ᠶᠢᠨ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠬᠤ ᠬᠡᠷᠡᠭᠲᠡᠢ᠃ ᠡᠭᠦᠨ ᠤ ᠬᠠᠮᠲᠤ᠂ ᠲᠡᠷᠡ ᠬᠤᠯᠪᠣᠭᠳᠠᠯ ᠪᠦᠬᠦᠢ ᠬᠠᠷᠢᠭᠤᠴᠠᠯᠭᠠᠲᠠᠨ ᠳᠤ ᠤᠯᠠᠨ ᠲᠦᠮᠡᠨ ᠤ ᠰᠠᠨᠠᠯ ᠢ ᠥᠷᠭᠡᠨ ᠢᠶᠠᠷ ᠰᠣᠨᠣᠰᠴᠤ᠂ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠪᠣᠯᠤᠨ ᠡᠷᠬᠢᠨ ᠲᠣᠭᠤᠷᠢᠨ ᠤ ᠪᠣᠳᠠᠲᠤ ᠪᠠᠶᠢᠳᠠᠯ ᠳᠤ ᠰᠠᠭᠤᠷᠢᠯᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠥᠭᠡᠷᠡᠴᠢᠯᠡᠯᠲᠡ ᠶᠢ ᠠᠬᠢᠭᠤᠯᠵᠤ᠂ ᠰᠡᠯᠡᠭᠦᠴᠡᠯ ᠵᠤᠭ᠎ᠠ ᠴᠡᠩᠭᠡᠯ᠂ ᠬᠥᠳᠡᠯᠭᠡᠭᠡᠨ ᠬᠢᠵᠦ ᠪᠡᠶ᠎ᠡ ᠴᠢᠭᠢᠷᠠᠭᠵᠢᠭᠤᠯᠬᠤ ᠵᠡᠷᠭᠡ ᠴᠢᠳᠠᠪᠬᠢ ᠶᠢᠨ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠠᠷᠠᠳ ᠤᠯᠠᠨ ᠤ ᠴᠢᠨᠠᠷ ᠰᠠᠶᠢᠲᠠᠢ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠬᠡᠷᠡᠭᠲᠡᠢ ᠭᠡᠵᠦ ᠵᠠᠬᠢᠪᠠ᠃    ᠨᠡᠶᠢᠭᠡᠮ ᠲᠣᠭᠤᠷᠢᠭ ᠤᠨ ᠵᠠᠷᠯᠠᠨ ᠨᠡᠶᠢᠲᠡᠯᠡᠬᠦ ᠪᠤᠯᠤᠩ ᠳᠤ᠂ ᠰᠦᠨ ᠬᠤᠤ ︽ᠭᠤᠷᠪᠠᠨ ᠶᠠᠪᠤᠳᠠᠯ︾᠎ ᠢ ᠢᠯᠡ ᠪᠣᠯᠭᠠᠬᠤ ᠠᠵᠢᠯ ᠢ ᠭᠤᠣᠯᠳᠠᠯᠭ᠎ᠠ ᠲᠠᠢ ᠪᠠᠶᠢᠴᠠᠭᠠᠨ ᠵᠢᠯᠣᠭᠤᠳᠪᠠ᠃ ᠲᠡᠷᠡ ᠬᠡᠯᠡᠭᠰᠡᠨ ᠨᠢ᠂ ᠵᠠᠷᠯᠠᠨ ᠨᠡᠶᠢᠲᠡᠯᠡᠬᠦ ᠪᠤᠯᠤᠩ ᠳᠡᠭᠡᠷ᠎ᠡ ᠢᠯᠡ ᠨᠡᠶᠢᠲᠡᠯᠡᠭᠰᠡᠨ ᠮᠡᠳᠡᠭᠡ ᠵᠠᠩᠭᠢ ᠶᠢ ᠴᠠᠭ ᠲᠤᠬᠠᠶ ᠳᠤᠨᠢ᠂ ᠣᠨᠣᠪᠴᠢᠲᠠᠶ ᠪᠠᠶᠢᠯᠭᠠᠬᠤ ᠶᠢ ᠦᠨᠡᠨ ᠬᠦ ᠪᠠᠲᠤᠯᠠᠵᠤ᠂ ︽ᠭᠤᠷᠪᠠᠨ ᠶᠠᠪᠤᠳᠠᠯ︾᠎ ᠢ ᠢᠯᠡ ᠪᠣᠯᠭᠠᠬᠤ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠵᠠᠷᠴᠢᠮ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠡᠳᠦᠷ ᠲᠤᠲᠤᠮ ᠤᠨ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠢᠯᠡ ᠪᠣᠯᠭᠠᠬᠤ᠂ ᠰᠡᠷᠭᠡᠭ ᠠᠰᠠᠭᠤᠳᠠᠯ ᠢ ᠭᠤᠤᠯᠳᠠᠯᠭ᠎ᠠ ᠲᠠᠢ ᠢᠯᠡ ᠪᠣᠯᠭᠠᠬᠤ ᠶᠢ ᠪᠠᠲᠤᠯᠠᠵᠤ᠂ ᠣᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠲᠣᠰ ᠪᠡᠶ᠎ᠡ ᠶᠢᠨ ᠠᠰᠢᠭ ᠲᠤᠰᠠ ᠪᠠᠷ ᠭᠠᠷᠳᠠᠴᠠ ᠪᠣᠯᠭᠠᠵᠤ᠂ ᠲᠥᠬᠦᠮ ᠣᠶᠢᠯᠠᠭᠠᠮᠵᠢᠲᠠᠶ ᠪᠠᠶᠢᠬᠤ ᠶᠢ ᠪᠡᠶᠡᠯᠡᠭᠦᠯᠵᠦ᠂ ᠬᠠᠮᠤᠭ ᠤᠨ ᠶᠡᠭᠡ ᠬᠡᠮᠵᠢᠶ᠎ᠡ ᠪᠠᠷ ᠣᠯᠠᠨ ᠲᠦᠮᠡᠨ ᠤ ᠪᠠᠶᠢᠳᠠᠯ ᠢ ᠮᠡᠳᠡᠬᠦ ᠡᠷᠬᠡ ᠪᠠ ᠬᠢᠨᠠᠯᠲᠠ ᠲᠠᠯᠪᠢᠬᠤ ᠡᠷᠬᠡ ᠶᠢ ᠪᠠᠲᠤᠯᠠᠬᠤ ᠬᠡᠷᠡᠭᠲᠡᠶ ᠭᠡᠵᠡᠶ᠃    ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠬᠢᠷᠢ ᠵᠡᠷᠭᠡ ᠥᠷᠨᠢᠭᠦᠯᠦᠭᠰᠡᠨ ᠪᠤᠢ︖ ︽ᠬᠡᠳᠦᠢ ᠰᠤᠷᠴᠢᠬᠠᠭᠰᠠᠨ ᠪᠤᠢ︖  ᠰᠢᠩ ᠹᠦ᠋ ᠨᠡᠶᠢᠭᠡᠮ ᠲᠣᠭᠤᠷᠢᠭ ᠤᠨ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠲᠤ᠂ ᠰᠦᠨ ᠬᠤᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠶᠢᠨ ᠪᠣᠳᠠᠲᠠᠢ ᠪᠠᠶᠢᠳᠠᠯ ᠢ ᠨᠠᠷᠢᠨ ᠠᠰᠠᠭᠤᠨ ᠯᠠᠪᠯᠠᠭᠰᠠᠨ ᠪᠥᠭᠡᠳ ᠤᠯᠠᠨ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠨᠠᠮ ᠤᠨ ᠬᠢᠴᠢᠶᠡᠯ ᠣᠷᠣᠪᠠ᠃    ᠰᠦᠨ ᠬᠤᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ ᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠰᠠᠬᠢᠯᠭ᠎ᠠ ᠪᠠᠲᠤ ᠶᠢᠨ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠳᠡᠭᠡᠭᠰᠢᠯᠡᠭᠦᠯᠵᠦ᠂  ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾᠎ ᠢ ᠤᠬᠠᠮᠰᠠᠷ ᠠᠴᠠ ᠪᠠᠨ ᠰᠤᠷᠤᠯᠴᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢᠶᠠᠷ ᠠᠵᠠ ᠲᠣᠬᠢᠶᠠᠯ ᠪᠣᠯᠭᠠᠨ᠂ ᠳᠦᠷᠢᠮ ᠢ ᠬᠢᠨᠠᠮᠠᠭᠠᠢ ᠰᠠᠶᠢᠲᠤᠷ ᠠᠳᠬᠤᠵᠤ᠂ ᠰᠠᠬᠢᠯᠭ᠎ᠠ ᠪᠠᠲᠤ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠤᠡᠬᠠᠵᠤ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠳᠡᠭᠡᠭᠰᠢᠯᠡᠭᠦᠯᠵᠦ᠂ ︽ᠬᠤᠶᠠᠷ ᠢ ᠲᠣᠭᠲᠠᠭᠠᠬᠤ︾᠎ ᠶᠢ ᠡᠷᠡᠰ ᠬᠦᠷᠢᠶᠡᠯᠡᠵᠦ᠂  ︽ᠬᠤᠶᠠᠷ ᠢ ᠬᠠᠮᠠᠭᠠᠯᠠᠬᠤ︾᠎ ᠎ ᠶᠢ ᠡᠷᠡᠰ  ᠪᠡᠶᠡᠯᠡᠭᠦᠯᠵᠤ᠂ ᠬᠡᠯᠪᠡᠷᠢ ᠶᠢᠨ ᠦᠵᠡᠯ ᠢ ᠶᠡᠬᠡᠪᠡᠷ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠦᠨ᠎ᠡ᠃ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ ᠤᠨ ᠠᠵᠢᠯᠯᠠᠭᠠᠨ ᠤ ᠲᠣᠭᠲᠠᠴᠠ ᠶᠢ ᠪᠦᠬᠦ ᠲᠠᠯ᠎ᠠ ᠪᠠᠷ ᠵᠢᠷᠤᠮᠵᠢᠭᠤᠯᠵᠤ᠂ ᠠᠵᠢᠯ ᠤᠨ ᠠᠷᠭ᠎ᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠦᠢᠯᠡᠴᠢᠯᠡᠭᠡᠨ ᠤ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠬᠡᠷᠡᠭᠲᠡᠢ︔ ᠨᠠᠮ ᠤᠨ ᠭᠡᠰᠢᠭᠦᠨ ᠺᠠᠳ᠋ᠷᠴᠤᠳ ᠠᠵᠢᠯ ᠤᠨ ᠪᠠᠶᠢᠷᠢ ᠶᠢᠨ ᠪᠣᠳᠠᠲᠤ ᠪᠠᠶᠢᠳᠠᠯ ᠳᠠᠭᠠᠨ ᠰᠠᠭᠤᠷᠢᠯᠠᠵᠤ᠂ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠪᠠᠷ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠵᠠᠯᠠᠷᠠᠭᠤᠯᠵᠤ᠂ ᠦᠭᠡ ᠶᠠᠷᠢᠶ᠎ᠠ ᠦᠢᠯᠡ ᠠᠵᠢᠯᠯᠠᠭ᠎ᠠ ᠪᠠᠨ ᠲᠣᠳᠣᠷᠬᠠᠶ ᠣᠶᠢᠯᠠᠭᠠᠵᠤ᠂ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠵᠤ᠂ ᠰᠡᠳᠬᠢᠯ ᠳᠡᠭᠡᠨ ᠬᠠᠳᠠᠩᠰᠢᠭᠤᠯᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠶᠢ ᠢᠮᠠᠭᠲᠠ ᠪᠡᠶᠡᠯᠡᠭᠦᠯᠬᠦ ᠬᠡᠷᠡᠭᠲᠡᠶ ᠭᠡᠵᠤ ᠬᠡᠯᠡᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号