ᠬᠠᠶᠢᠷᠤᠪ ᠤᠨ ᠲᠤᠬᠤᠢ ᠲᠤᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/23
    ᠲᠥᠪ᠂ ᠥᠪᠡᠷᠲᠡᠭᠡᠨ ᠵᠠᠰᠠᠬᠤ ᠣᠷᠣᠨ᠂ ᠦᠬᠠᠶ ᠬᠤᠲᠠ ᠵᠢᠴᠢ ᠮᠠᠨ ᠤ ᠲᠤᠭᠤᠷᠢᠭ ᠤᠨ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠳᠠᠶᠢᠴᠢᠯᠠᠯᠲᠠ ᠶᠢᠨ ᠠᠵᠢᠯ ᠤᠨ ᠲᠣᠬᠢᠷᠠᠭᠤᠯᠤᠯᠲᠠ ᠶᠣᠰᠣᠭᠠᠷ᠂ ᠣᠯᠠᠨ ᠲᠦᠮᠡᠨ ᠤ ᠠᠰᠢᠭ ᠲᠤᠰᠠ ᠶᠢ ᠦᠨᠡᠨᠬᠦ ᠬᠠᠮᠠᠭᠠᠯᠠᠵᠤ᠂ ᠰᠤᠷᠲᠠᠯ ᠴᠢᠬᠡᠴᠢ ᠣᠪᠣᠷ ᠲᠥᠪ ᠬᠤᠲᠠ ᠶᠢᠨ ᠬᠠᠮᠢᠶᠠᠷᠤᠯᠲᠠ ᠶᠢᠨ ᠣᠷᠴᠢᠨ ᠲᠣᠭᠤᠷᠢᠨ ᠢ ᠪᠣᠶ ᠪᠣᠯᠭᠠᠵᠤ᠂ ᠬᠠᠶᠢᠷᠤᠪ ᠤᠨ ᠲᠣᠬᠤᠢ ᠲᠤᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ 4 ᠰᠠᠷ᠎ᠠ ᠶᠢᠨ 17᠎ ᠤ ᠡᠳᠦᠷ ᠪᠣᠯᠤᠨ 5 ᠰᠠᠷ᠎ᠠ ᠶᠢᠨ 16᠎ ᠤ ᠡᠳᠦᠷ ᠤᠷᠢᠳ ᠬᠤᠵᠢᠳ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠥᠪᠡᠷ ᠢᠶᠠᠨ ᠪᠠᠶᠢᠴᠠᠭᠠᠵᠤ ᠥᠪᠡᠷ ᠢᠶᠠᠨ ᠵᠠᠯᠠᠷᠠᠭᠤᠯᠬᠤ ᠠᠵᠢᠯ ᠤᠨ ᠬᠤᠷᠠᠯ ᠬᠤᠷᠠᠯᠳᠤᠭᠤᠯᠪᠠ᠃ ᠬᠤᠷᠠᠯ ᠠᠴᠠ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠭᠦᠨᠵᠡᠭᠡᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃
33141_700x700.jpg   
       ᠲᠣᠰ ᠤᠳᠠᠭᠠᠨ ᠤ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠶᠢᠨ ᠲᠥᠯᠥᠭᠡ᠂ ᠬᠠᠶᠢᠷᠤᠪ ᠤᠨ ᠲᠣᠬᠤᠢ ᠲᠣᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠨᠠᠷᠢᠨ ᠲᠣᠳᠣᠷᠬᠠᠶ ᠠᠵᠢᠯ ᠤᠨ ᠲᠥᠰᠦᠯ ᠢ ᠨᠠᠷᠢᠨ ᠨᠢᠮᠪᠠᠶ ᠲᠣᠭᠲᠠᠭᠠᠪᠠ᠃ ᠲᠣᠰ ᠲᠥᠰᠦᠯ ᠳᠤ ᠠᠵᠢᠯ ᠤᠨ ᠬᠠᠷᠠᠯᠲᠠ᠂ ᠭᠤᠤᠯᠳᠠᠯᠭ᠎ᠠ ᠲᠠᠢ ᠡᠭᠦᠷᠭᠡ᠂ ᠬᠡᠷᠡᠭᠵᠢᠭᠦᠯᠬᠦ ᠠᠯᠬᠤᠮ ᠳᠠᠷᠠᠭ᠎ᠠ ᠪᠠ ᠪᠣᠳᠠᠲᠠᠶ ᠱᠠᠭᠠᠷᠳᠠᠯᠭ᠎ᠠ ᠶᠢ ᠲᠣᠳᠣᠷᠬᠠᠶᠢᠯᠠᠵᠤ᠂ ᠪᠥᠬᠦ ᠲᠠᠯ᠎ᠠ ᠪᠠᠷ ᠳᠡᠭᠡᠳᠦ ᠳᠣᠤᠷᠠᠳᠤ ᠱᠠᠲᠤᠨ ᠤ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠠᠵᠢᠯ ᠢ ᠥᠷᠨᠢᠭᠦᠯᠬᠦ ᠳᠤ ᠲᠣᠳᠣᠷᠬᠠᠶ ᠵᠢᠯᠣᠭᠤᠳᠣᠯᠭ᠎ᠠ ᠬᠠᠩᠭᠠᠪᠠ᠃ ᠠᠵᠢᠯ ᠤᠨ ᠲᠥᠰᠦᠯ ᠳᠤ ᠬᠠᠤᠯᠢ ᠬᠡᠷᠡᠭᠵᠢᠭᠦᠯᠬᠦ ᠶᠠᠪᠤᠴᠠ ᠳᠤ ᠣᠷᠣᠰᠢᠵᠤ ᠮᠡᠳᠡᠬᠦ ᠡᠯ᠎ᠡ ᠵᠦᠢᠯ ᠤᠨ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠬᠡᠷᠡᠭᠲᠡᠶ᠂ ᠡᠭᠦᠨ ᠳᠤ ᠡᠷᠬᠡ ᠪᠠᠨ ᠳᠤᠷ᠎ᠠ ᠪᠠᠷ ᠢᠶᠠᠨ ᠬᠡᠷᠡᠭᠯᠡᠬᠦ᠂ ᠢᠳᠡᠬᠦ ᠠᠪᠬᠤ ᠭᠠᠴᠢᠬᠤ ᠨᠡᠬᠡᠬᠦ᠂ ᠬᠠᠤᠯᠢ ᠬᠡᠷᠡᠭᠵᠢᠭᠦᠯᠬᠦ ᠨᠢ ᠭᠤᠤᠯᠴᠢ ᠪᠤᠰᠤ᠂ ᠰᠣᠩᠭᠤᠯᠲᠠ ᠶᠢᠨ ᠴᠢᠨᠠᠷᠲᠠᠶ ᠪᠠᠷ ᠬᠠᠤᠯᠢ ᠬᠡᠷᠡᠭᠵᠢᠭᠦᠯᠬᠦ ᠵᠡᠷᠭᠡ ᠳᠤ ᠬᠢᠵᠠᠭᠠᠷᠯᠠᠭᠳᠠᠬᠤ ᠥᠬᠡᠶ ᠭᠡᠵᠦ ᠴᠢᠬᠤᠯᠠᠴᠢᠯᠠᠪᠠ᠃ ᠬᠠᠨᠳᠤᠯᠭᠠᠲᠤ ᠴᠢᠨᠠᠷᠲᠠᠶ ᠵᠢᠭᠰᠠᠭᠠᠨ ᠪᠠᠶᠢᠴᠠᠭᠠᠬᠤ ᠪᠠᠷ ᠳᠠᠮᠵᠢᠭᠤᠯᠤᠨ᠂ ᠠᠰᠠᠭᠤᠳᠠᠯ ᠢ ᠨᠢᠭᠡ ᠶᠢ ᠣᠯᠵᠤ ᠮᠡᠳᠡᠪᠡᠯ ᠨᠢᠭᠡ ᠶᠢ ᠰᠢᠢᠤᠡᠪᠤᠷᠢᠯᠡᠬᠦ ᠶᠢ ᠴᠢᠷᠮᠠᠶᠢᠨ ᠪᠡᠶᠡᠯᠡᠭᠦᠯᠵᠦ᠂ ᠬᠠᠤᠯᠢ ᠬᠡᠷᠡᠭᠵᠢᠭᠦᠯᠬᠦ ᠠᠵᠢᠯ ᠤᠨ ᠲᠥᠪ ᠭᠤᠤᠯᠴᠢ ᠴᠢᠨᠠᠷ ᠪᠠ ᠵᠢᠷᠤᠮᠵᠢᠯ ᠤᠨ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃
33142_700x700.png   
   ᠡᠭᠦᠨ ᠤ ᠬᠠᠮᠲᠤ᠂ ᠬᠠᠶᠢᠷᠤᠪ ᠤᠨ ᠲᠤᠬᠤᠢ ᠲᠤᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ︽ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ︾ ᠢᠯᠡᠴᠢᠯᠡᠨ ᠮᠡᠳᠡᠭᠦᠯᠬᠦ ᠠᠷᠭ᠎ᠠ ᠬᠡᠯᠪᠡᠷᠢ ᠶᠢ ᠠᠪᠴᠤ᠂ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠪᠠ᠃ ᠬᠤᠲᠠ ᠶᠢᠨ ᠠᠷᠠᠳ ᠤᠲᠠᠰᠤ 0473 — 6926176 ᠪᠤᠶᠤ 3120859278@qq. com ᠰᠢᠤᠳᠠᠨ ᠤ ᠬᠠᠶᠢᠷᠴᠠᠭ ᠢᠶᠠᠷ ᠳᠠᠮᠵᠢᠭᠤᠯᠤᠨ ᠰᠦᠯᠵᠢᠶᠡᠨ ᠳᠡᠭᠡᠷ᠎ᠡ ᠵᠠᠭᠠᠯᠳᠤᠵᠤ ᠪᠣᠯᠤᠨ᠎ᠠ᠃ ᠰᠦᠯᠵᠢᠶᠡᠨ ᠭᠠᠳᠠᠨ᠎ᠠ ᠢᠯᠡᠴᠢᠯᠡᠨ ᠮᠡᠳᠡᠭᠦᠯᠬᠦ ᠵᠠᠬᠢᠳᠠᠯ ᠤᠨ ᠬᠠᠶᠢᠷᠴᠠᠭ ᠭᠠᠷᠭᠠᠵᠤ᠂ ᠢᠯᠡᠴᠢᠯᠡᠨ ᠮᠡᠳᠡᠭᠦᠯᠬᠦ ᠵᠠᠬᠢᠳᠠᠯ ᠤᠨ ᠬᠠᠶᠢᠷᠴᠠᠭ ᠢ ᠬᠠᠶᠢᠷᠤᠪ ᠤᠨ ᠲᠣᠬᠤᠢ ᠲᠣᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠠᠯᠪᠠᠨ ᠠᠰᠠᠷ ᠤᠨ ᠭᠠᠳᠠᠷ ᠬᠡᠷᠡᠮ ᠤᠨ ᠵᠡᠭᠦᠨ ᠡᠮᠦᠨ᠎ᠡ ᠥᠨᠴᠥᠭ ᠤᠨ ᠭᠠᠵᠠᠷ ᠲᠤ ᠲᠣᠬᠢᠷᠠᠭᠤᠯᠪᠠ᠃ ᠡᠨᠡ ᠬᠦ ᠠᠷᠭ᠎ᠠ ᠬᠡᠮᠵᠢᠶ᠎ᠡ ᠨᠢ ᠣᠯᠠᠨ ᠲᠦᠮᠡᠨ ᠤ ᠬᠢᠨᠠᠯᠲᠠ ᠶᠢ ᠴᠢᠬᠤᠯᠠᠴᠢᠯᠠᠵᠤ ᠪᠠᠶᠢᠬᠤ ᠶᠢ ᠭᠦᠢᠴᠡᠳ ᠢᠯᠡᠷᠡᠭᠦᠯᠵᠦ᠂ ᠣᠯᠠᠨ ᠲᠦᠮᠡᠨ ᠳᠤ ᠨᠢᠭᠡᠨ ᠳᠥᠭᠦᠮ ᠳᠥᠲᠡ᠂ ᠪᠦᠲᠦᠮᠵᠢᠲᠡᠶ ᠲᠤᠰᠬᠠᠭᠰᠠᠨ ᠠᠰᠠᠭᠤᠳᠠᠯ ᠤᠨ ᠠᠷᠭ᠎ᠠ ᠵᠠᠮ ᠢ ᠬᠠᠩᠭᠠᠭᠰᠠᠨ ᠪᠠᠶᠢᠨ᠎ᠠ᠃ ᠣᠯᠠᠨ ᠲᠦᠮᠡᠨ ᠢᠯᠡᠴᠢᠯᠡᠨ ᠮᠡᠳᠡᠭᠦᠯᠬᠦ ᠵᠠᠬᠢᠳᠠᠯ ᠤᠨ ᠬᠠᠶᠢᠷᠴᠠᠭ ᠢᠶᠠᠷ ᠳᠠᠮᠵᠢᠭᠤᠯᠤᠨ᠂ ᠬᠠᠤᠯᠢ ᠬᠡᠷᠡᠭᠵᠢᠭᠦᠯᠬᠦ ᠶᠠᠪᠤᠴᠠ ᠳᠤ ᠲᠣᠬᠢᠶᠠᠯᠳᠤᠭᠰᠠᠨ ᠡᠷᠬᠡ ᠲᠡᠭᠰᠢ ᠪᠤᠰᠤ ᠬᠠᠷᠠᠭᠠᠯᠵᠠᠯ ᠪᠤᠶᠤ ᠣᠯᠵᠤ ᠮᠡᠳᠡᠭᠰᠡᠨ ᠢᠯᠵᠠᠷᠠᠮᠠᠯ ᠠᠰᠠᠭᠤᠳᠠᠯ ᠢ ᠦᠨᠡᠨ ᠨᠡᠷ᠎ᠡ ᠪᠠᠷ ᠢᠶᠠᠨ ᠪᠤᠶᠤ ᠨᠡᠷ᠎ᠡ ᠪᠤᠷᠤᠭᠤᠯᠠᠨ ᠲᠤᠰᠬᠠᠵᠤ ᠪᠣᠯᠤᠨ᠎ᠠ᠃ ᠬᠠᠤᠯᠢ ᠬᠡᠷᠡᠭᠵᠢᠭᠦᠯᠬᠦ ᠲᠣᠪᠴᠢᠶ᠎ᠠ ᠠᠴᠠ ᠢᠯᠡᠴᠢᠯᠡᠨ ᠮᠡᠳᠡᠭᠦᠯᠦᠭᠰᠡᠨ ᠮᠡᠳᠡᠭᠡ ᠵᠠᠩᠭᠢ ᠨᠢᠭᠡᠪᠦᠷᠢ ᠶᠢ ᠨᠠᠷᠢᠨ ᠬᠢᠨᠠᠮᠠᠭᠠᠢ ᠬᠢᠨᠠᠨ ᠬᠠᠷᠭᠤᠭᠤᠯᠬᠤ ᠪᠠ ᠰᠢᠢᠳᠪᠦᠷᠢᠯᠡᠵᠦ᠂ ᠤᠯᠠᠨ ᠲᠦᠮᠡᠨ ᠤ ᠲᠠᠭᠤᠨ ᠳᠤ ᠴᠠᠭ ᠲᠤᠬᠠᠢ ᠳᠤᠨᠢ ᠬᠠᠷᠢᠭᠤᠯᠲᠠ ᠥᠭᠬᠦ ᠶᠢ ᠦᠨᠡᠨ ᠬᠦ ᠪᠠᠲᠤᠯᠠᠵᠤ᠂ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠨ᠎ᠠ᠃    ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠬᠦ ᠶᠢ ᠠᠬᠢᠭᠤᠯᠬᠤ ᠶᠢᠨ ᠲᠥᠯᠥᠭᠡ᠂ ᠬᠠᠶᠢᠷᠤᠪ ᠤᠨ ᠲᠣᠬᠤᠢ ᠲᠤᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠰᠢᠪᠠᠳᠠᠨ ᠪᠠᠶᠢᠴᠠᠭᠠᠬᠤ ᠲᠠᠰᠤᠭ ᠠᠴᠠ ᠪᠦᠬᠦ ᠲᠠᠯ᠎ᠠ ᠶᠢᠨ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠠᠵᠢᠯ ᠢ ᠲᠤᠬᠠᠶ ᠶᠢᠨ ᠭᠠᠵᠠᠷ ᠲᠤᠨᠢ ᠰᠢᠪᠠᠳᠠᠨ ᠪᠠᠶᠢᠴᠠᠭᠠᠬᠤ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠬᠤ ᠪᠠ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠰᠤᠭᠤᠴᠢᠨ ᠪᠠᠶᠢᠴᠠᠭᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠡᠯ᠎ᠡ ᠰᠠᠯᠠᠭ᠎ᠠ ᠲᠠᠰᠤᠭ᠂ ᠳᠤᠮᠳᠠ ᠠᠩᠭᠢ ᠳᠤ ᠭᠦᠨᠵᠡᠭᠡᠶᠢᠷᠡᠨ ᠬᠢᠨᠠᠯᠲᠠ ᠲᠠᠯᠪᠢᠵᠤ ᠪᠠᠶᠢᠴᠠᠭᠠᠨ᠎ᠠ᠃ ᠠᠵᠢᠯ ᠤᠨ ᠡᠬᠡ ᠲᠠᠩᠰᠠ ᠶᠢ ᠪᠠᠶᠢᠴᠠᠭᠠᠨ ᠦᠵᠡᠬᠦ᠂ ᠣᠯᠠᠨ ᠲᠦᠮᠡᠨ ᠢ ᠰᠤᠷᠪᠤᠯᠵᠢᠯᠠᠬᠤ᠂ ᠲᠤᠬᠠᠶ ᠶᠢᠨ ᠲᠠᠯᠠᠪᠤᠷ ᠲᠤ ᠠᠵᠢᠭᠯᠠᠬᠤ ᠵᠡᠷᠭᠡ ᠣᠯᠠᠨ ᠵᠦᠢᠯ ᠤᠨ ᠠᠷᠭ᠎ᠠ ᠪᠠᠷᠢᠯ ᠢᠶᠠᠷ ᠳᠠᠮᠵᠢᠭᠤᠯᠤᠨ᠂ ᠡᠯ᠎ᠡ ᠰᠠᠯᠠᠭ᠎ᠠ ᠲᠠᠰᠤᠭ᠂ ᠳᠤᠮᠳᠠ ᠠᠩᠭᠢ ᠶᠢᠨ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠠᠵᠢᠯ ᠤᠨ ᠠᠬᠢᠴᠠ ᠶᠢᠨ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠬᠤ ᠬᠡᠷᠡᠭᠲᠡᠶ᠃ ᠠᠵᠢᠯ ᠳᠠᠭᠠᠨ ᠬᠦᠴᠦᠨ ᠦᠭᠡᠢ᠂ ᠬᠠᠰᠢ ᠶᠠᠰᠢ ᠪᠠᠷ ᠠᠯᠪᠠ ᠬᠠᠰᠢᠬᠤ ᠰᠠᠯᠠᠭ᠎ᠠ ᠲᠠᠰᠤᠭ᠂ ᠳᠤᠮᠳᠠ ᠠᠩᠭᠢ ᠪᠠ ᠬᠤᠪᠢ ᠬᠥᠮᠦᠨ ᠠᠴᠠ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠵᠦ᠂ ᠥᠪᠡᠷ ᠢᠶᠠᠨ ᠪᠠᠶᠢᠴᠠᠭᠠᠵᠤ ᠥᠪᠡᠷ ᠢᠶᠠᠨ ᠵᠠᠯᠠᠷᠠᠭᠤᠯᠬᠤ ᠠᠵᠢᠯ ᠢ ᠬᠠᠰᠢ ᠶᠠᠰᠢ ᠥᠩᠭᠡᠷᠡᠭᠦᠯᠬᠦ ᠦᠭᠡᠢ᠂ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠨ᠎ᠠ᠃
33144_700x700.png   
    ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠬᠠᠤᠯᠢ ᠬᠡᠷᠡᠭᠵᠢᠭᠦᠯᠬᠦ ᠠᠵᠢᠯᠲᠠᠳ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠶᠢᠨ ᠴᠢᠬᠤᠯᠠ ᠴᠢᠨᠠᠷ ᠪᠣᠯᠤᠨ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠡᠭᠦᠨ ᠢᠶᠠᠷ ᠠᠵᠠ ᠲᠣᠬᠢᠶᠠᠯ ᠪᠣᠯᠭᠠᠵᠤ᠂ ᠲᠤᠰ ᠪᠡᠶ᠎ᠡ ᠶᠢᠨ ᠬᠠᠤᠯᠢ ᠬᠡᠷᠡᠭᠵᠢᠭᠦᠯᠬᠦ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠣᠯᠤᠨ ᠬᠦᠷᠦᠯᠴᠡᠬᠦ ᠦᠭᠡᠢ ᠲᠠᠯ᠎ᠠ ᠪᠠᠨ ᠭᠦᠨᠵᠡᠭᠡᠢ ᠡᠷᠭᠢᠴᠡᠭᠦᠯᠦᠨ ᠪᠣᠳᠣᠯᠬᠢᠯᠠᠵᠤ᠂ ᠰᠠᠬᠢᠯᠭ᠎ᠠ ᠪᠠᠲᠤ ᠶᠢᠨ ᠤᠬᠠᠮᠰᠠᠷ ᠪᠣᠯᠤᠨ ᠬᠠᠷᠢᠭᠤᠴᠠᠯᠭ᠎ᠠ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠬᠤ ᠬᠡᠷᠡᠭᠲᠡᠢ᠃ ᠠᠵᠢᠯ ᠤᠨ ᠲᠥᠰᠦᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠠᠵᠢᠯ ᠢ ᠬᠢᠨᠠᠮᠠᠭᠠᠶ ᠥᠷᠨᠢᠭᠦᠯᠵᠦ᠂ ᠠᠰᠠᠭᠤᠳᠠᠯ ᠠᠴᠠ ᠵᠠᠶᠢᠯᠠᠬᠤ ᠥᠬᠡᠶ᠂ ᠵᠥᠷᠢᠴᠡᠯ ᠢ ᠨᠢᠭᠤᠨ ᠳᠠᠯᠳᠠᠯᠠᠬᠤ ᠥᠬᠡᠶ ᠪᠠᠶᠢᠬᠤ ᠬᠡᠷᠡᠭᠲᠡᠶ᠃ ᠡᠭᠦᠨ ᠤ ᠬᠠᠮᠲᠤ᠂ ᠤᠯᠠᠨ ᠲᠦᠮᠡᠨ ᠯᠦᠭᠡ ᠶᠢᠨ ᠤᠯᠤᠯᠴᠠᠭ᠎ᠠ ᠪᠠ ᠬᠠᠷᠢᠯᠴᠠᠭ᠎ᠠ ᠪᠠᠨ ᠴᠢᠩᠭᠠᠳᠬᠠᠵᠤ᠂ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠤᠯᠠᠨ ᠲᠦᠮᠡᠨ ᠤ ᠢᠲᠡᠭᠡᠯ ᠪᠠ ᠳᠡᠮᠵᠢᠯᠭᠡ ᠶᠢ ᠤᠯᠬᠤ ᠬᠡᠷᠡᠭᠲᠡᠢ ᠭᠡᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号