ᠲᠤᠬᠠᠢ ᠶᠢᠨ ᠲᠠᠯᠠᠪᠤᠷ ᠲᠤ ᠭᠡᠷ᠎ᠡ ᠲᠤᠭᠲᠠᠵᠠᠢ︕ ᠭᠦᠨᠵᠡᠭᠡᠢ ᠠᠭᠤᠰᠤᠯᠴᠠᠶ᠎ᠠ︕
ᠨᠡᠶᠢᠲᠡᠯᠡᠭᠰᠡᠨ ᠴᠠᠭ᠄
2024/5/23
    5 ᠰᠠᠷ᠎ᠠ ᠶᠢᠨ 21᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠵᠠᠰᠠᠭ ᠤᠨ ᠣᠷᠳᠣᠨ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ᠂ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭᠠᠨ ᠤ ᠵᠠᠬᠢᠶᠠᠯᠠᠭ᠎ᠠ ᠶᠢᠨ ᠠᠩᠬᠢ ᠶᠢᠨ ᠭᠡᠷ᠎ᠡ ᠲᠣᠭᠲᠠᠬᠤ ᠶᠣᠰᠣᠯᠠᠯ ᠦᠬᠠᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠶᠠᠪᠤᠭᠳᠠᠪᠠ᠃ ᠵᠠᠰᠠᠭ ᠤᠨ ᠣᠷᠳᠣᠨ ᠲᠠᠪᠴᠠᠩ ᠪᠠᠶᠢᠭᠤᠯᠵᠤ᠂ ᠰᠤᠷᠭᠠᠭᠤᠯᠢ ᠪᠠ ᠠᠵᠤ ᠠᠬᠤᠶᠢᠯᠠᠯ ᠤᠨ ᠶᠠᠷᠢᠯᠴᠠᠭ᠎ᠠ ᠬᠢᠬᠦ ᠪᠠᠷ ᠳᠠᠮᠵᠢᠭᠤᠯᠤᠨ᠂ ︽ᠰᠤᠷᠭᠠᠭᠤᠯᠢ ᠪᠠ ᠠᠵᠤ ᠠᠬᠤᠶᠢᠯᠠᠯ ᠬᠠᠮᠲᠤ ᠪᠠᠷ ᠪᠤᠶᠢᠵᠢᠭᠤᠯᠬᠤ᠂ ᠵᠠᠬᠢᠶᠠᠯᠠᠭ᠎ᠠ ᠪᠠᠷ ᠬᠥᠮᠦᠵᠢᠭᠦᠯᠬᠦ᠂ ᠠᠵᠢᠯᠯᠠᠵᠤ ᠰᠤᠷᠤᠯᠴᠠᠬᠤ ᠪᠠᠷ ᠰᠣᠯᠪᠢᠴᠠᠭᠤᠯᠬᠤ᠂ ᠬᠤᠤᠰ ᠴᠢᠭᠯᠡᠯ ᠢᠶᠠᠷ ᠬᠠᠮᠢᠶᠠᠷᠬᠤ︾ ᠴᠢᠳᠠᠪᠤᠷᠢᠲᠠᠨ ᠢ ᠬᠥᠮᠦᠵᠢᠭᠦᠯᠬᠦ ᠬᠠᠮᠲᠤᠷᠠᠯᠴᠠᠭᠠᠨ ᠤ ᠵᠠᠭᠪᠤᠷ ᠢ ᠬᠠᠮᠲᠤ ᠪᠠᠷ ᠬᠡᠷᠡᠭᠵᠢᠭᠦᠯᠵᠦ᠂ ᠳᠡᠭᠡᠳᠦ ᠰᠤᠷᠭᠠᠭᠤᠯᠢ ᠶᠢᠨ ᠴᠢᠳᠠᠪᠤᠷᠢᠲᠠᠨ ᠢ ᠭᠦᠢᠴᠡᠳ ᠪᠠᠳᠠᠷᠠᠭᠤᠯᠤᠨ᠂ ᠬᠠᠶᠢᠷᠤᠪ ᠤᠨ ᠲᠣᠬᠤᠶ ᠲᠣᠭᠤᠷᠢᠭ ᠤᠨ ᠴᠢᠳᠠᠪᠤᠷᠢᠲᠠᠨ ᠤ ᠬᠠᠩᠭᠠᠯᠭ᠎ᠠ ᠶᠢᠨ ᠲᠠᠯ᠎ᠠ ᠪᠠ ᠠᠵᠤ ᠤᠶᠢᠯᠡᠰ ᠤᠨ ᠬᠡᠷᠡᠭᠴᠡᠭᠡ ᠶᠢᠨ ᠲᠠᠯ᠎ᠠ ᠶᠢᠨ ᠨᠠᠷᠢᠯᠢᠭ ᠣᠨᠣᠴᠠᠲᠠᠶ ᠬᠤᠯᠪᠣᠯᠳᠤᠬᠤ ᠶᠢ ᠠᠬᠢᠭᠤᠯᠵᠤ᠂ ᠰᠤᠷᠭᠠᠨ ᠬᠥᠮᠦᠵᠢᠯ ᠤᠨ ᠬᠡᠯᠬᠢᠶ᠎ᠡ᠂ ᠴᠢᠳᠠᠪᠤᠷᠢᠲᠠᠨ ᠤ ᠬᠡᠯᠬᠢᠶ᠎ᠡ᠂ ᠠᠵᠤ ᠤᠶᠢᠯᠡᠰ ᠤᠨ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ ᠶᠢᠨ ᠭᠦᠨᠵᠡᠭᠡᠶ ᠠᠭᠤᠰᠤᠯᠴᠠᠯ ᠢ ᠠᠬᠢᠭᠤᠯᠵᠤ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭᠠᠨ ᠤ ᠲᠠᠪᠴᠠᠩ ᠢ ᠰᠢᠯᠢᠳᠡᠭᠵᠢᠭᠦᠯᠵᠦ᠂ ᠬᠦᠴᠦᠯᠡᠬᠦ ᠴᠡᠭ ᠢᠶᠠᠨ ᠣᠨᠣᠪᠴᠢᠲᠠᠶ ᠣᠯᠵᠤ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠵᠦ᠂ ᠡᠬᠢ ᠪᠠᠶᠠᠯᠢᠭ ᠢ ᠬᠠᠮᠲᠤ ᠪᠠᠷ ᠡᠳ᠋ᠯᠡᠵᠦ᠂ ᠴᠢᠳᠠᠪᠤᠷᠢᠲᠠᠨ ᠢᠶᠠᠷ ᠬᠠᠶᠢᠷᠤᠪ ᠤᠨ ᠲᠣᠬᠤᠶ ᠲᠣᠭᠤᠷᠢᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠨᠠᠩ ᠰᠠᠶᠢᠲᠤᠷ ᠤᠶᠢᠯᠡᠴᠢᠯᠡᠨ᠎ᠡ᠃
640 (2).jpg    
    ᠭᠠᠷ ᠤᠨ ᠦᠰᠦᠭ ᠵᠢᠷᠤᠬᠤ ᠶᠣᠰᠣᠯᠠᠯ ᠳᠡᠭᠡᠷ᠎ᠡ᠂ ᠦᠬᠠᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠵᠢᠴᠢ ᠥᠪᠥᠷ ᠮᠣᠩᠭᠤᠯ ᠤᠨ ᠬᠠᠳᠤᠨ ᠭᠤᠣᠯ ᠤᠨ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ᠂ ᠤᠯᠤᠰ ᠤᠨ ᠡᠨᠧᠷᠭᠢ ᠶᠢᠨ ᠯᠦᠩ ᠶᠤᠸᠠᠨ ᠥᠪᠥᠷ ᠮᠣᠩᠭᠤᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠵᠠᠭᠠᠷᠲᠤ ᠺᠣᠮᠫᠠᠨᠢ᠂ ᠦᠬᠠᠢ ᠶᠢᠨ ᠪᠦᠦ ᠵᠢᠶᠧ ᠰᠢᠨ᠎ᠡ ᠡᠨᠧᠷᠭᠢ ᠶᠢᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ᠂ ᠴᠢᠩ ᠲᠤᠤ ︵ᠦᠬᠠᠢ︶ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ ᠠᠵᠤ ᠠᠬᠤᠶᠢᠯᠠᠯ ᠲᠠᠢ ᠲᠤᠬᠠᠢ ᠶᠢᠨ ᠲᠠᠯᠠᠪᠠᠢ ᠳᠤ ᠭᠠᠷ ᠤᠨ ᠦᠰᠦᠭ ᠵᠢᠷᠤᠪᠠ᠃ ᠲᠣᠰ ᠤᠳᠠᠭ᠎ᠠ ᠭᠡᠷ᠎ᠡ ᠲᠣᠭᠲᠠᠵᠤ᠂ ᠵᠠᠰᠠᠭ ᠤᠨ ᠣᠷᠳᠣᠨ ᠪᠠ ᠰᠤᠷᠭᠠᠭᠤᠯᠢ᠂ ᠠᠵᠤ ᠠᠬᠤᠶᠢᠯᠠᠯ ᠤᠨ ᠬᠠᠮᠲᠤᠷᠠᠯᠴᠠᠭᠠᠨ ᠤ ᠲᠠᠪᠴᠠᠩ ᠢ ᠪᠠᠶᠢᠭᠤᠯᠵᠤ᠂ ︽2 + 1︾᠂ ︽ᠠᠵᠢᠯᠯᠠᠵᠤ ᠰᠤᠷᠤᠯᠴᠠᠬᠤ ᠶᠢ ᠤᠶᠠᠯᠳᠤᠭᠤᠯᠬᠤ︾᠂ ︽ᠦᠢᠯᠡᠳᠪᠦᠷᠢᠯᠡᠯ ᠪᠠ ᠰᠤᠷᠭᠠᠨ ᠬᠥᠮᠦᠵᠢᠯ ᠢ ᠠᠭᠤᠰᠤᠯᠴᠠᠭᠤᠯᠬᠤ︾ ᠵᠠᠬᠢᠶᠠᠯᠠᠭ᠎ᠠ ᠶᠢᠨ ᠬᠡᠯᠪᠡᠷᠢ ᠪᠠᠷ ᠬᠥᠮᠦᠵᠢᠭᠦᠯᠬᠦ ᠵᠠᠭᠪᠤᠷ ᠢ ᠬᠡᠷᠡᠭᠵᠢᠭᠦᠯᠵᠦ᠂ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠶᠢ ᠬᠠᠮᠲᠤ ᠪᠠᠷ ᠰᠠᠶᠢᠲᠤᠷ ᠬᠢᠵᠦ᠂ ᠠᠵᠢᠯ ᠣᠯᠭᠤᠬᠤ ᠠᠷᠭ᠎ᠠ ᠵᠠᠮ ᠢ ᠥᠷᠭᠡᠳᠬᠡᠨ᠂ ᠠᠵᠤ ᠠᠬᠤᠶᠢᠯᠠᠯ ᠳᠤ ᠬᠡᠷᠡᠭᠯᠡᠭᠡᠨ ᠤ ᠴᠢᠳᠠᠪᠤᠷᠢᠲᠠᠨ ᠢ ᠬᠥᠮᠦᠵᠢᠭᠦᠯᠵᠦ ᠥᠭᠪᠡ᠃ ᠪᠠᠰᠠ ᠦᠢᠯᠡᠳᠪᠦᠷᠢᠯᠡᠯ ᠵᠢᠭᠠᠨ ᠰᠤᠷᠭᠠᠯᠲᠠ ᠶᠢ ᠭᠦᠨᠵᠡᠭᠡᠢ ᠠᠭᠤᠰᠤᠯᠴᠠᠭᠤᠯᠵᠤ᠂ ᠰᠤᠷᠭᠠᠭᠤᠯᠢ ᠠᠵᠤ ᠠᠬᠤᠶᠢᠯᠠᠯ ᠬᠠᠮᠲᠤᠷᠠᠨ ᠰᠤᠷᠭᠠᠭᠤᠯᠢ ᠡᠷᠬᠢᠯᠡᠬᠦ ᠲᠠᠯ᠎ᠠ ᠪᠠᠷ ᠪᠠᠲᠤ ᠪᠠᠬᠢ ᠠᠯᠬᠤᠮ ᠠᠯᠬᠤᠭᠰᠠᠨ ᠢ ᠬᠠᠷᠠᠭᠤᠯᠵᠤ ᠪᠠᠶᠢᠨ᠎ᠠ᠃
640 (1).jpg   
    ᠬᠠᠶᠢᠷᠤᠪ ᠤᠨ ᠲᠤᠬᠤᠢ ᠲᠣᠭᠤᠷᠢᠭ ᠤᠨ ᠬᠢᠨ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠨ ᠪᠦᠷᠢᠯᠳᠦᠭᠦᠯᠵᠦ ᠴᠢᠳᠠᠪᠤᠷᠢᠲᠠᠨ ᠤ ᠡᠬᠢ ᠪᠠᠶᠠᠯᠢᠭ ᠢ ᠲᠡᠷᠢᠭᠦᠨ ᠪᠠᠶᠢᠷᠢᠨ ᠳᠤ ᠲᠠᠯᠪᠢᠨ᠎ᠠ᠃ ᠠᠵᠤ ᠠᠬᠤᠶᠢᠯᠠᠯ ᠤᠨ ᠬᠥᠭᠵᠢᠯᠲᠡ ᠪᠣᠯᠤᠨ ᠳᠡᠭᠡᠳᠦ ᠰᠤᠷᠭᠠᠭᠤᠯᠢ ᠶᠢᠨ ᠵᠢᠭᠠᠨ ᠰᠤᠷᠭᠠᠯᠲᠠ ᠰᠤᠳᠤᠯᠭᠠᠨ ᠤ ᠬᠤᠣᠰ ᠴᠢᠭᠯᠡᠯ ᠢᠶᠠᠷ ᠬᠤᠯᠪᠣᠭᠠᠯᠠᠨ ᠬᠥᠳᠡᠯᠦᠯᠴᠡᠬᠦ ᠶᠢ ᠭᠦᠨᠵᠡᠭᠡᠶᠢᠷᠡᠭᠦᠯᠵᠦ᠂ ᠵᠠᠰᠠᠭ ᠤᠨ ᠤᠷᠳᠤᠨ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭᠠᠨ ᠤ ᠰᠢᠨ᠎ᠡ ᠬᠠᠭᠤᠳᠠᠰᠤ ᠶᠢ ᠨᠡᠭᠡᠭᠡᠬᠦ ᠳᠤ ᠬᠦᠴᠦᠨ ᠨᠡᠮᠡᠷᠢᠯᠡᠵᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠶᠢ ᠴᠢᠷᠮᠠᠶᠢᠨ ᠪᠡᠶᠡᠯᠡᠭᠦᠯᠵᠦ᠂ ᠬᠠᠶᠢᠷᠤᠪ ᠤᠨ ᠲᠤᠬᠤᠢ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ᠂ ᠥᠨᠳᠥᠷ ᠬᠡᠪ ᠪᠣᠯᠪᠠᠰᠤᠷᠠᠯ ᠲᠠᠢ ᠴᠢᠳᠠᠪᠤᠷᠢᠲᠠᠨ ᠢ ᠬᠥᠮᠦᠵᠢᠭᠦᠯᠬᠦ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ︕    ᠭᠠᠷ ᠤᠨ ᠦᠰᠦᠭ ᠵᠢᠷᠤᠬᠤ ᠶᠣᠰᠣᠯᠠᠯ ᠤᠨ ᠳᠠᠷᠠᠭ᠎ᠠ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠦᠬᠠᠶ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠤᠷᠭᠠᠭᠤᠯᠢ ᠶᠢᠨ ᠬᠦᠷᠢᠶᠡᠨ ᠤ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠢ ᠲᠣᠭᠤᠷᠢᠨ ᠦᠵᠡᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号