ᠬᠠᠶᠢᠷᠤᠪ ᠤᠨ ᠲᠣᠬᠤᠶ ᠲᠣᠭᠤᠷᠢᠭ ᠬᠥᠳᠡᠯᠮᠦᠷᠢ ᠶᠢᠨ ᠬᠠᠷᠢᠴᠠᠭ᠎ᠠ ᠶᠢᠨ ᠬᠦᠷᠢᠶᠡᠨ ᠳᠠᠬᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠤᠬᠠᠭᠤᠯᠤᠨ ᠲᠠᠶᠢᠯᠪᠤᠷᠢᠯᠠᠬᠤ ᠵᠢᠴᠢ ᠬᠥᠳᠡᠯᠮᠦᠷᠢ ᠶᠢᠨ ᠭᠡᠷ᠎ᠡ ᠶᠢ ᠳᠡᠯᠭᠡᠷᠡᠭᠦᠯᠬᠦ ᠪᠣᠯᠪᠠᠰᠤᠷᠠᠭᠤᠯᠤᠯ ᠤᠨ ᠬᠤᠷᠠᠯ  ᠦᠷᠨᠢᠭᠦᠯᠪᠡ
ᠨᠡᠶᠢᠲᠡᠯᠡᠭᠰᠡᠨ ᠴᠠᠭ᠄
2024/5/23
    ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠲᠣᠭᠲᠠᠭᠤᠨ ᠡᠶ᠎ᠡ ᠵᠣᠬᠢᠴᠠᠩᠭᠤᠶ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠵᠤ᠂ ᠠᠵᠤ ᠠᠬᠤᠶᠢᠯᠠᠯ ᠤᠨ ᠤᠶᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ ᠬᠠᠶᠢᠷᠤᠪ ᠤᠨ ᠲᠣᠬᠤᠶ ᠲᠣᠭᠤᠷᠢᠭ ᠣᠯᠠᠨ ᠲᠠᠯ᠎ᠠ ᠶᠢᠨ ᠬᠠᠮᠵᠢᠯᠴᠠᠭ᠎ᠠ ᠶᠢ ᠪᠠᠷᠢᠮᠲᠠᠯᠠᠵᠤ᠂ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠡᠶ᠎ᠡ ᠵᠣᠬᠢᠴᠠᠩᠭᠤᠶ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ ᠶᠢ ᠢᠳᠡᠪᠬᠢᠲᠡᠶ ᠠᠬᠢᠭᠤᠯᠵᠤ᠂ ᠠᠵᠤ ᠠᠬᠤᠶᠢᠯᠠᠯ ᠤᠨ ᠲᠣᠭᠲᠠᠭᠤᠨ ᠪᠦᠲᠦᠮᠵᠢᠲᠡᠶ ᠬᠥᠭᠵᠢᠯᠲᠡ ᠳᠤ ᠬᠦᠴᠦᠨ ᠨᠡᠮᠡᠷᠢᠯᠡᠪᠡ᠃    ᠣᠶᠢᠷ᠎ᠠ ᠳᠤ᠂ ᠬᠠᠶᠢᠷᠤᠪ ᠤᠨ ᠲᠣᠬᠤᠶ ᠲᠣᠭᠤᠷᠢᠭ ᠬᠥᠳᠡᠯᠮᠦᠷᠢ ᠶᠢᠨ ᠬᠠᠷᠢᠴᠠᠭ᠎ᠠ ᠶᠢᠨ ᠬᠦᠷᠢᠶᠡᠨ ᠳᠠᠬᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠤᠬᠠᠭᠤᠯᠤᠨ ᠲᠠᠶᠢᠯᠪᠤᠷᠢᠯᠠᠬᠤ ᠵᠢᠴᠢ ᠬᠥᠳᠡᠯᠮᠦᠷᠢ ᠶᠢᠨ ᠭᠡᠷ᠎ᠡ ᠶᠢ ᠳᠡᠯᠭᠡᠷᠡᠭᠦᠯᠬᠦ ᠪᠣᠯᠪᠠᠰᠤᠷᠠᠭᠤᠯᠤᠯ ᠤᠨ ᠬᠤᠷᠠᠯ ᠥᠷᠨᠢᠭᠦᠯᠵᠦ᠂ ᠪᠣᠯᠪᠠᠰᠤᠷᠠᠭᠤᠯᠤᠯ ᠤᠨ ᠭᠤᠤᠯ ᠠᠭᠤᠯᠭ᠎ᠠ ᠨᠢ ᠬᠥᠳᠡᠯᠮᠦᠷᠢ ᠶᠢᠨ ᠬᠠᠤᠯᠢ ᠴᠠᠭᠠᠵᠠ ᠬᠠᠤᠯᠢ ᠲᠣᠭᠲᠠᠭᠠᠯ᠂ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠤ ᠬᠡᠷᠡᠭ ᠤᠨ ᠵᠢᠱᠢᠶ᠎ᠡ ᠶᠢ ᠵᠠᠳᠠᠯᠬᠤ ᠵᠢᠴᠢ ᠡᠯᠧᠺᠲᠷᠣᠨ ᠬᠥᠳᠡᠯᠮᠦᠷᠢ ᠶᠢᠨ ᠭᠡᠷ᠎ᠡ ᠶᠢ ᠳᠡᠯᠭᠡᠷᠡᠭᠦᠯᠬᠦ ᠭᠤᠷᠪᠠᠨ ᠲᠠᠯ᠎ᠠ ᠳᠤ ᠬᠤᠯᠪᠣᠭᠳᠠᠨ᠎ᠠ᠃ ᠬᠥᠳᠡᠯᠮᠦᠷᠢ ᠶᠢᠨ ᠬᠠᠤᠯᠢ ᠴᠠᠭᠠᠵᠠ ᠬᠠᠤᠯᠢ ᠲᠣᠭᠲᠠᠭᠠᠯ ᠤᠨ ᠲᠠᠯ᠎ᠠ ᠪᠠᠷ᠂ ᠭᠤᠤᠯᠳᠠᠯᠭ᠎ᠠ ᠨᠢ ︽ᠬᠥᠳᠡᠯᠮᠦᠷᠢ ᠶᠢᠨ ᠬᠠᠤᠯᠢ︾᠂ ︽ᠬᠥᠳᠡᠯᠮᠦᠷᠢ ᠶᠢᠨ ᠭᠡᠷ᠎ᠡ ᠶᠢᠨ ᠬᠠᠤᠯᠢ︾᠎ ᠶᠢᠨ ᠬᠠᠮᠢᠶ᠎ᠠ ᠪᠥᠬᠦᠶ ᠠᠭᠤᠯᠭ᠎ᠠ ᠲᠠᠢ ᠤᠶᠠᠯᠳᠤᠭᠤᠯᠤᠨ᠂ ᠬᠥᠳᠡᠯᠮᠦᠷᠢ ᠬᠦᠴᠦᠨ ᠬᠡᠷᠡᠭᠯᠡᠬᠦ ᠬᠤᠯᠪᠣᠭᠳᠠᠯ ᠪᠥᠬᠦᠶ ᠵᠢᠷᠤᠮᠵᠢᠯ ᠬᠢᠭᠡᠳ ᠬᠥᠳᠡᠯᠮᠦᠷᠢ ᠶᠢᠨ ᠵᠥᠷᠢᠴᠡᠯ ᠵᠢᠭᠤᠷᠠᠯᠳᠤᠭᠠᠨ ᠢ ᠰᠡᠷᠭᠡᠶᠢᠯᠡᠬᠦ ᠬᠠᠮᠢᠶ᠎ᠠ ᠪᠥᠬᠦᠶ ᠪᠣᠳᠠᠲᠠᠶ ᠠᠷᠭ᠎ᠠ ᠬᠡᠮᠵᠢᠶ᠎ᠡ ᠶᠢ ᠨᠠᠷᠢᠨ ᠲᠠᠨᠢᠯᠴᠠᠭᠤᠯᠪᠠ᠃ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠤ ᠬᠡᠷᠡᠭ ᠤᠨ ᠵᠢᠱᠢᠶ᠎ᠡ ᠶᠢ ᠵᠠᠳᠠᠯᠬᠤ ᠲᠠᠯ᠎ᠠ ᠪᠠᠷ᠂ ᠬᠥᠳᠡᠯᠮᠦᠷᠢ ᠶᠢᠨ ᠭᠡᠷ᠎ᠡ ᠲᠣᠭᠲᠠᠬᠤ᠂ ᠠᠵᠢᠯᠲᠠᠨ ᠠᠵᠢᠯᠴᠢᠨ ᠤ ᠬᠥᠳᠡᠯᠮᠦᠷᠢ ᠶᠢᠨ ᠡᠷᠬᠡ ᠠᠰᠢᠭ ᠤᠨ ᠪᠠᠲᠤᠯᠠᠭ᠎ᠠ ᠶᠢᠨ ᠲᠤᠬᠠᠶ ᠭᠤᠤᠯᠳᠠᠯᠭ᠎ᠠ ᠲᠠᠢ ᠭᠦᠨᠵᠡᠭᠡᠶ ᠲᠠᠶᠢᠯᠪᠤᠷᠢᠯᠠᠯᠲᠠ ᠬᠢᠪᠡ᠃
640.png   
    ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ ᠠᠵᠢᠯ ᠢ ᠪᠠᠶᠢᠩᠭᠤᠵᠢᠭᠤᠯᠤᠨ ᠠᠬᠢᠭᠤᠯᠵᠤ᠂ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ ᠬᠠᠶᠢᠷᠤᠪ ᠤᠨ ᠲᠣᠬᠤᠶ ᠲᠣᠭᠤᠷᠢᠭ ᠤᠨ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠲᠠᠰᠤᠯᠬᠤ ᠬᠤᠷᠢᠶ᠎ᠠ ᠬᠥᠳᠡᠯᠮᠦᠷᠢ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠤᠬᠠᠭᠤᠯᠭ᠎ᠠ ᠶᠢ ᠢᠳᠡᠪᠬᠢᠲᠡᠶ ᠥᠷᠨᠢᠭᠦᠯᠵᠦ᠂ ᠡᠯ᠎ᠡ ᠠᠵᠤ ᠠᠬᠤᠶᠢᠯᠠᠯ ᠳᠤ ᠬᠦᠷᠴᠦ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ᠂ ᠲᠤᠰᠬᠠᠶ ᠰᠡᠳᠦᠪᠲᠦ ᠤᠬᠠᠭᠤᠯᠤᠨ ᠲᠠᠶᠢᠯᠪᠤᠷᠢᠯᠠᠯᠲᠠ᠂ ᠶᠠᠷᠢᠯᠴᠠᠬᠤ ᠬᠤᠷᠠᠯ ᠵᠡᠷᠭᠡ ᠶᠢ ᠥᠷᠨᠢᠭᠦᠯᠪᠡ᠃
640 (1).png   
    ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠯᠮᠦᠷᠢ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠯᠮᠦᠷᠢ ᠶᠢᠨ ᠭᠡᠷ᠎ᠡ ᠶᠢᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠲᠦᠷᠢᠮ ᠢ ᠬᠡᠷᠡᠭᠵᠢᠭᠦᠯᠬᠦ ᠠᠷᠭ᠎ᠠ︾ ᠵᠡᠷᠭᠡ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢ ᠲᠥᠪᠯᠡᠷᠡᠭᠦᠯᠦᠨ ᠤᠬᠠᠭᠤᠯᠵᠤ᠂ ᠶᠠᠷᠢᠯᠴᠠᠬᠤ ᠬᠤᠷᠠᠯ᠂ ᠡᠯᠭᠦᠭᠡ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ᠂ ᠨᠢᠭᠤᠷᠲᠠᠨ ᠲᠠᠶᠢᠯᠪᠤᠷᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭᠠᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠥᠷᠭᠡᠨ ᠢᠶᠠᠷ ᠤᠬᠠᠭᠤᠯᠵᠤ᠂ ᠠᠵᠢᠯᠲᠠᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠂ ᠬᠥᠳᠡᠯᠮᠦᠷᠢ ᠶᠢᠨ ᠬᠠᠷᠢᠴᠠᠭ᠎ᠠ ᠶᠢᠨ ᠵᠥᠷᠢᠴᠡᠯ ᠵᠢᠭᠤᠷᠠᠯᠳᠤᠭᠠᠨ ᠢ ᠡᠬᠢ ᠡᠭᠦᠰᠦᠯ ᠠᠴᠠ ᠨᠢ ᠰᠢᠢᠳᠪᠦᠷᠢᠯᠡᠬᠦ ᠶᠢ ᠠᠬᠢᠭᠤᠯᠵᠤ᠂ ᠠᠵᠤ ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠳᠤ ᠡᠶ᠎ᠡ ᠵᠣᠬᠢᠴᠠᠯ ᠲᠠᠢ ᠠᠵᠢᠯ ᠤᠯᠬᠤ ᠣᠷᠴᠢᠨ ᠨᠥᠬᠦᠴᠡᠯ ᠢ ᠪᠣᠶ ᠪᠣᠯᠭᠠᠪᠠ᠃      ᠠᠵᠤ ᠠᠬᠤᠶᠢᠯᠠᠯ ᠤᠨ ᠬᠥᠭᠵᠢᠯᠲᠡ ᠨᠢ ᠡᠶ᠎ᠡ ᠵᠣᠬᠢᠴᠠᠯ ᠲᠠᠢ ᠲᠣᠭᠲᠠᠭᠤᠨ ᠠᠵᠢᠯᠴᠢᠨ ᠬᠡᠷᠡᠭᠯᠡᠬᠦ ᠣᠷᠴᠢᠨ ᠲᠣᠭᠤᠷᠢᠨ ᠠᠴᠠ ᠰᠠᠯᠵᠤ ᠴᠢᠳᠠᠬᠤ ᠦᠭᠡᠢ᠂ ᠠᠵᠤ ᠠᠬᠤᠶᠢᠯᠠᠯ ᠪᠣᠯᠤᠨ ᠠᠵᠢᠯᠲᠠᠨ ᠠᠵᠢᠯᠴᠢᠨ ᠤ ᠬᠤᠭᠤᠷᠣᠨᠳᠣᠬᠢ ᠬᠥᠳᠡᠯᠮᠦᠷᠢ ᠶᠢᠨ ᠵᠢᠭᠤᠷᠠᠯᠳᠤᠭᠠᠨ ᠢ ᠪᠦᠲᠦᠮᠵᠢᠲᠡᠶ ᠪᠠᠷ ᠤᠷᠢᠳᠴᠢᠯᠠᠨ ᠰᠡᠷᠭᠡᠶᠢᠯᠡᠬᠦ ᠪᠠ ᠠᠷᠢᠯᠭᠠᠬᠤ ᠶᠢᠨ ᠲᠥᠯᠥᠭᠡ᠂ ᠬᠠᠶᠢᠷᠤᠪ ᠤᠨ ᠲᠣᠬᠤᠢ ᠲᠣᠭᠤᠷᠢᠭ ᠤᠨ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠬᠤᠷᠢᠶ᠎ᠠ ︽ᠰᠡᠷᠭᠡᠶᠢᠯᠡᠬᠦ ᠪᠠᠷ ᠭᠤᠤᠯ ᠪᠣᠯᠭᠠᠬᠤ᠂ ᠦᠨᠳᠦᠰᠦᠨ ᠱᠠᠲᠤ ᠪᠠᠷ ᠭᠤᠤᠯ ᠪᠣᠯᠭᠠᠬᠤ᠂ ᠡᠶᠡᠳᠡᠭᠦᠯᠬᠦ ᠪᠠᠷ ᠭᠤᠤᠯ ᠪᠣᠯᠭᠠᠬᠤ︾ ᠴᠢᠭᠯᠡᠯᠲᠡ ᠶᠢ ᠪᠠᠷᠢᠮᠲᠠᠯᠠᠵᠤ᠂ ᠠᠵᠤ ᠠᠬᠤᠶᠢᠯᠠᠯ ᠢ ᠵᠢᠯᠣᠭᠤᠳᠤᠨ ᠬᠥᠳᠡᠯᠮᠦᠷᠢ ᠶᠢᠨ ᠮᠠᠷᠭᠤᠯᠳᠤᠭᠠᠨ ᠢ ᠡᠶᠡᠳᠡᠭᠦᠯᠬᠦ ᠵᠣᠬᠢᠶᠠᠨ ᠪᠠᠶᠢᠭᠤᠯᠤᠯᠲᠠ ᠶᠢᠨ ᠵᠢᠷᠤᠮᠵᠢᠭᠰᠠᠨ ᠪᠠᠶᠢᠭᠤᠯᠤᠯᠲᠠ ᠶᠢ ᠥᠷᠨᠢᠭᠦᠯᠵᠦ᠂ ᠠᠵᠤ ᠠᠬᠤᠶᠢᠯᠠᠯ ᠢ ᠬᠠᠪᠰᠤᠷᠤᠨ ᠬᠥᠳᠡᠯᠮᠦᠷᠢ ᠶᠢᠨ ᠬᠠᠷᠢᠴᠠᠭ᠎ᠠ ᠶᠢ ᠲᠡᠭᠦᠯᠳᠡᠷᠵᠢᠭᠦᠯᠬᠦ ᠪᠠ ᠠᠵᠢᠯᠲᠠᠨ ᠠᠵᠢᠯᠴᠢᠨ ᠤ ᠬᠦᠰᠡᠯ ᠱᠠᠭᠠᠷᠳᠠᠯᠭ᠎ᠠ ᠪᠠᠨ ᠢᠯᠡᠳᠬᠡᠬᠦ᠂ ᠵᠥᠷᠢᠴᠡᠯ ᠢ ᠡᠶᠡᠳᠡᠭᠦᠯᠦᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠥᠳᠡᠯᠮᠦᠷᠢ ᠶᠢᠨ ᠵᠢᠭᠤᠷᠠᠯᠳᠤᠭᠠᠨ ᠢ ᠠᠵᠤ ᠠᠬᠤᠶᠢᠯᠠᠯ ᠤᠨ ᠳᠣᠲᠣᠭᠠᠳᠤ ᠳᠤ ᠴᠤᠬᠤᠶᠢᠵᠤ ᠪᠠᠶᠢᠭ᠎ᠠ ᠪᠠᠶᠢᠳᠠᠯ ᠳᠤᠨᠢ ᠠᠷᠢᠯᠭᠠᠵᠤ᠂ ᠬᠥᠳᠡᠯᠮᠦᠷᠢ ᠶᠢᠨ ᠵᠢᠭᠤᠷᠠᠯᠳᠤᠭᠠᠨ ᠢ ᠢᠳᠡᠪᠬᠢᠲᠡᠶ ᠪᠠᠷ ᠰᠡᠷᠭᠡᠶᠢᠯᠡᠨ ᠠᠷᠢᠯᠭᠠᠵᠤ᠂ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠵᠤ᠂ ᠠᠵᠤ ᠠᠬᠤᠶᠢᠯᠠᠯ ᠤᠨ ᠲᠣᠭᠲᠠᠭᠤᠨ ᠢᠶᠠᠷ ᠬᠥᠭᠵᠢᠬᠦ ᠶᠢ ᠠᠬᠢᠭᠤᠯᠤᠨ᠎ᠠ᠃
640 (2).png  
    ᠡᠭᠦᠨ ᠤ ᠬᠠᠮᠲᠤ᠂ ᠬᠠᠶᠢᠷᠤᠪ ᠤᠨ ᠲᠣᠬᠤᠢ ᠲᠣᠭᠤᠷᠢᠭ ᠤᠨ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠬᠤᠷᠢᠶ᠎ᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠵᠠᠯᠠᠭᠤᠴᠤᠳ ᠤᠨ ᠬᠥᠨᠳᠡᠯᠡᠨ ᠠᠴᠠ ᠲᠠᠰᠤᠯᠬᠤ ᠰᠠᠶᠢᠨ ᠳᠤᠷ᠎ᠠ ᠶᠢᠨ ᠦᠢᠯᠡᠴᠢᠯᠡᠭᠴᠢ ᠶᠢᠨ ︽ᠭᠤᠷᠪᠠ ᠶᠢ ᠬᠦᠷᠭᠡᠵᠦ ᠨᠢᠭᠡ ᠶᠢ ᠪᠠᠶᠢᠴᠠᠭᠠᠬᠤ︾ ᠠᠵᠢᠯᠯᠠᠭ᠎ᠠ ᠲᠠᠢ ᠤᠶᠠᠯᠳᠤᠭᠤᠯᠤᠨ᠂ ᠬᠠᠷᠢᠶ᠎ᠠ ᠣᠷᠣᠨ ᠤ ᠠᠵᠤ ᠠᠬᠤᠶᠢᠯᠠᠯ ᠳᠤ ᠬᠦᠷᠴᠦ ᠬᠥᠳᠡᠯᠮᠦᠷᠢ ᠶᠢᠨ ᠠᠵᠢᠯᠴᠢᠨ ᠬᠡᠷᠡᠭᠯᠡᠬᠦ ᠪᠡᠶ᠎ᠡ ᠶᠢᠨ ᠪᠠᠶᠢᠴᠠᠭᠠᠯᠲᠠ ᠶᠢ ᠥᠷᠨᠢᠭᠦᠯᠵᠦ᠂ ᠠᠵᠤ ᠠᠬᠤᠶᠢᠯᠠᠯ ᠤᠨ ᠬᠥᠳᠡᠯᠮᠦᠷᠢ ᠶᠢᠨ ᠠᠵᠢᠯᠴᠢᠨ ᠬᠡᠷᠡᠭᠯᠡᠬᠦ ᠬᠠᠮᠢᠶᠠᠷᠤᠯᠲᠠ ᠶᠢᠨ ᠳᠤᠮᠳᠠ ᠣᠷᠣᠰᠢᠵᠤ ᠪᠠᠶᠢᠭ᠎ᠠ ᠲᠤᠪᠤᠶᠢᠮ᠎ᠠ ᠠᠰᠠᠭᠤᠳᠠᠯ ᠳᠤ ᠲᠤᠬᠠᠶ ᠶᠢᠨ ᠲᠠᠯᠠᠪᠤᠷ ᠲᠤ ᠬᠠᠷᠢᠭᠤᠯᠲᠠ ᠥᠭᠴᠦ᠂ ᠨᠠᠷᠢᠨ ᠣᠨᠣᠪᠴᠢᠲᠠᠶ ᠪᠠᠷ ︽ᠤᠷᠢᠳᠴᠢᠯᠠᠨ ᠰᠡᠷᠭᠡᠶᠢᠯᠡᠬᠦ︾᠂ ᠲᠡᠳᠡᠨ ᠤ ᠬᠥᠳᠡᠯᠮᠦᠷᠢ ᠶᠢᠨ ᠮᠠᠷᠭᠤᠯᠳᠤᠭᠠᠨ ᠢ ᠤᠷᠢᠳᠴᠢᠯᠠᠨ ᠰᠡᠷᠭᠡᠶᠢᠯᠡᠬᠦ ᠪᠠ ᠪᠡᠶ᠎ᠡ ᠪᠠᠨ ᠳᠠᠭᠠᠭᠠᠵᠤ ᠰᠢᠢᠤᠡᠪᠤᠷᠢᠯᠡᠬᠦ ᠴᠢᠳᠠᠪᠤᠷᠢ ᠶᠢ ᠳᠡᠭᠡᠭᠰᠢᠯᠡᠭᠦᠯᠪᠡ᠃ ᠡᠨᠡ ᠵᠢᠯ ᠠᠴᠠ ᠨᠠᠰᠢ᠂ ᠦᠬᠠᠶ ᠬᠤᠲᠠ ᠶᠢᠨ ᠶᠢᠨ ᠲᠢᠶᠠᠨ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠬᠢᠵᠠᠭᠠᠷᠲᠤ ᠺᠣᠮᠫᠠᠨᠢ᠂ ᠦᠬᠠᠶ ᠬᠤᠲᠠ ᠶᠢᠨ ᠶᠢᠦ ᠢ ᠨᠠᠷᠢᠯᠢᠭ ᠪᠣᠯᠪᠠᠰᠤᠷᠠᠭᠤᠯᠬᠤ ᠬᠢᠵᠠᠭᠠᠷᠲᠤ ᠺᠣᠮᠫᠠᠨᠢ ᠵᠡᠷᠭᠡ 30 ᠭᠠᠷᠤᠶ ᠠᠵᠤ ᠠᠬᠤᠶᠢᠯᠠᠯ ᠳᠤ ᠭᠦᠨᠵᠡᠭᠡᠶᠢᠷᠡᠵᠦ᠂ ᠠᠵᠤ ᠠᠬᠤᠶᠢᠯᠠᠯ ᠤᠨ ᠲᠦᠷᠢᠮ ᠲᠣᠭᠲᠠᠭᠠᠯ ᠢ ᠲᠣᠭᠲᠠᠭᠠᠬᠤ᠂ ᠴᠠᠯᠢᠩ ᠥᠭᠬᠦ᠂ ᠬᠥᠳᠡᠯᠮᠦᠷᠢ ᠶᠢᠨ ᠭᠡᠷ᠎ᠡ ᠶᠢ ᠬᠦᠴᠦᠨ ᠥᠬᠡᠶ ᠪᠣᠯᠭᠠᠬᠤ ᠵᠡᠷᠭᠡ ᠲᠠᠯ᠎ᠠ ᠪᠠᠷ ᠠᠵᠢᠯᠴᠢᠨ ᠬᠡᠷᠡᠭᠯᠡᠬᠦ ᠲᠦᠭᠰᠢᠭᠦᠷᠢ ᠶᠢ ᠵᠢᠭᠰᠠᠭᠠᠨ ᠪᠠᠶᠢᠴᠠᠭᠠᠵᠤ᠂ ᠦᠨᠡᠨ ᠬᠦ ᠬᠡᠷᠡᠭᠵᠢᠭᠦᠯᠵᠦ ᠪᠣᠯᠬᠤᠶᠢᠴᠠ ᠵᠢᠷᠤᠮᠵᠢᠭᠰᠠᠨ ᠰᠠᠨᠠᠭᠤᠯᠭ᠎ᠠ ᠳᠤᠷᠠᠳᠪᠠ᠃
640 (3).png  
    ᠬᠠᠶᠢᠷᠤᠪ ᠤᠨ ᠲᠤᠬᠤᠢ ᠲᠣᠭᠤᠷᠢᠭ ᠤᠨ ᠬᠢᠨ ︽ᠭᠤᠷᠪᠠ ᠶᠢ ᠬᠦᠷᠭᠡᠵᠦ ᠨᠢᠭᠡ ᠶᠢ ᠪᠠᠶᠢᠴᠠᠭᠠᠬᠤ︾ ᠦᠢᠯᠡᠴᠢᠯᠡᠭᠡᠨ ᠤ ᠠᠵᠤ ᠠᠬᠤᠶᠢᠯᠠᠯ ᠤᠨ ᠠᠵᠢᠯ ᠢ ᠦᠷᠭᠦᠯᠵᠢᠯᠡᠨ ᠥᠷᠨᠢᠭᠦᠯᠵᠦ᠂ ᠠᠵᠤ ᠠᠬᠤᠶᠢᠯᠠᠯ ᠳᠤ ᠨᠡᠩ ᠰᠢᠯᠢᠳᠡᠭ᠂ ᠲᠦᠬᠦᠮ ᠦᠢᠯᠡᠴᠢᠯᠡᠭᠡ ᠬᠠᠩᠭᠠᠵᠤ᠂ ᠬᠥᠳᠡᠯᠮᠦᠷᠢᠴᠢᠳ ᠤᠨ ᠡᠷᠬᠡ ᠠᠰᠢᠭ ᠢ ᠬᠠᠮᠠᠭᠠᠯᠠᠬᠤ ᠪᠠᠲᠤᠯᠠᠭ᠎ᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠠᠶᠢᠷᠤᠪ ᠤᠨ ᠲᠤᠬᠤᠢ ᠲᠣᠭᠤᠷᠢᠭ ᠤᠨ ᠬᠥᠳᠡᠯᠮᠦᠷᠢ ᠶᠢᠨ ᠬᠠᠷᠢᠴᠠᠭ᠎ᠠ ᠶᠢᠨ ᠨᠡᠩ ᠡᠶ᠎ᠡ ᠵᠣᠬᠢᠴᠠᠩᠭᠤᠢ ᠲᠣᠭᠲᠠᠭᠤᠨ ᠪᠠᠶᠢᠬᠤ ᠶᠢ ᠪᠠᠲᠤᠯᠠᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号