35 ᠰᠠᠭᠤᠭᠠᠯᠢ ᠲᠣᠭᠤᠷᠢᠭ ᠲᠤ ᠬᠤᠯᠪᠣᠭᠳᠠᠨ᠎ᠠ︕ ᠬᠠᠶᠢᠷᠤᠪ ᠤᠨ ᠲᠣᠬᠤᠢ ᠲᠣᠭᠤᠷᠢᠭ ᠤᠨ ᠳᠡᠭᠡᠳᠦ ᠱᠠᠲᠤᠨ ᠤ 7634 ᠲᠦᠮᠡᠨ ᠲᠥᠭᠦᠷᠢᠭ ᠤᠨ ᠪᠡᠯᠡ ᠥᠩᠭᠦ ᠶᠢ ᠣᠯᠪᠠ
ᠨᠡᠶᠢᠲᠡᠯᠡᠭᠰᠡᠨ ᠴᠠᠭ᠄
2024/5/23
    ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠬᠤ ᠪᠣᠯ ᠬᠠᠶᠢᠷᠤᠪ ᠤᠨ ᠲᠤᠬᠤᠢ ᠶᠢᠨ ᠰᠠᠭᠤᠭᠠᠯᠢ ᠠᠷᠠᠳ ᠤᠨ ᠬᠦᠷᠲᠡᠮᠵᠢ ᠶᠢᠨ ᠲᠦᠷᠦᠭᠳᠡᠯ ᠢ ᠳᠡᠭᠡᠭᠰᠢᠯᠡᠭᠦᠯᠬᠦ ᠴᠢᠬᠤᠯᠠ ᠠᠵᠢᠯ ᠤᠨ ᠨᠢᠭᠡ ᠪᠣᠯᠤᠨ᠎ᠠ᠂ ᠮᠥᠨᠴᠦ ᠬᠤᠳᠠ ᠶᠢ ᠰᠢᠨᠡᠳᠬᠡᠬᠦ ᠠᠵᠢᠯᠯᠠᠭ᠎ᠠ ᠶᠢᠨ ᠴᠢᠬᠤᠯᠠ ᠠᠵᠢᠯ ᠤᠨ ᠠᠭᠤᠯᠭ᠎ᠠ ᠪᠣᠯᠤᠨ᠎ᠠ᠂ ᠰᠠᠭᠤᠭᠠᠯᠢ ᠠᠷᠠᠳ ᠤᠨ ᠠᠮᠢᠳᠤᠷᠠᠯ ᠤᠨ ᠶᠠᠰᠤ ᠴᠢᠨᠠᠷ ᠢ ᠴᠢᠨᠠᠭᠰᠢᠳᠠ ᠳᠡᠭᠡᠭᠰᠢᠯᠡᠭᠦᠯᠵᠦ᠂ ᠠᠶᠤᠯ ᠲᠦᠭᠰᠢᠭᠦᠷᠢ ᠶᠢᠨ ᠭᠡᠮ ᠰᠣᠭᠤᠭ ᠢ ᠠᠷᠢᠯᠭᠠᠵᠤ᠂ ᠦᠵᠡᠰᠬᠦᠯᠡᠩᠲᠦ ᠰᠠᠶᠢᠬᠠᠨ ᠣᠷᠴᠢᠨ ᠲᠣᠭᠤᠷᠢᠨ ᠢ ᠡᠭᠦᠳᠴᠦ᠂ ᠰᠠᠭᠤᠭᠠᠯᠢ ᠠᠷᠠᠳ ᠲᠤ ᠲᠠᠭᠠᠯᠠᠮᠵᠢᠲᠠᠢ ᠳᠥᠭᠦᠮ ᠳᠥᠲᠡ ᠰᠠᠶᠢᠨ ᠰᠠᠶᠢᠬᠠᠨ ᠠᠮᠢᠳᠤᠷᠠᠯ ᠤᠨ ᠣᠷᠴᠢᠨ ᠲᠣᠭᠤᠷᠢᠨ ᠢ ᠡᠭᠦᠳᠴᠦ ᠥᠭᠬᠦ ᠶᠢᠨ ᠲᠥᠯᠥᠭᠡ᠂ ᠬᠠᠶᠢᠷᠤᠪ ᠤᠨ ᠲᠤᠬᠤᠢ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠠᠢ ᠬᠠᠮᠵᠢᠯᠴᠠᠨ ᠲᠥᠪ ᠤᠨ ᠲᠥᠰᠦᠪ ᠤᠨ ᠳᠣᠲᠣᠷᠠᠬᠢ ᠪᠡᠯᠡ ᠮᠥᠩᠭᠦᠨ ᠤ ᠳᠡᠮᠵᠢᠯᠭᠡ ᠶᠢ ᠤᠯᠬᠤ ᠪᠠᠷ ᠢᠳᠡᠪᠬᠢᠲᠡᠢ ᠴᠢᠷᠮᠠᠶᠢᠪᠠ᠃    2024 ᠣᠨ ᠤ 5 ᠰᠠᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠬᠠᠶᠢᠷᠤᠪ ᠤᠨ ᠲᠤᠬᠤᠢ ᠲᠣᠭᠤᠷᠢᠭ ᠤᠨ ᠪᠠᠲᠤᠯᠠᠭ᠎ᠠ ᠶᠢᠨ ᠴᠢᠨᠠᠷᠲᠠᠢ ᠬᠢᠮᠳᠠ ᠣᠷᠣᠨ ᠰᠠᠭᠤᠴᠠ ᠶᠢᠨ ᠢᠨᠵᠧᠨᠧᠷᠢᠩ ᠤᠨ ᠢᠵᠢ ᠪᠦᠷᠢᠳᠦᠭᠦᠯᠬᠦ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠲᠤᠰᠬᠠᠢ ᠵᠦᠢᠯᠡᠰ ᠢ ᠪᠠᠭᠤᠯᠭᠠᠵᠤ᠂ 2024 ᠣᠨ ᠤ ᠲᠥᠪ ᠤᠨ ᠲᠥᠰᠦᠪ ᠤᠨ ᠳᠣᠲᠣᠷᠠᠬᠢ ᠪᠡᠯᠡ ᠮᠥᠩᠭᠦ ᠶᠢ 7634 ᠲᠦᠮᠡᠨ ᠲᠥᠭᠦᠷᠢᠭ ᠪᠠᠭᠤᠯᠭᠠᠵᠤ᠂ ᠪᠠᠲᠤᠯᠠᠭ᠎ᠠ ᠶᠢᠨ ᠴᠢᠨᠠᠷᠲᠠᠢ ᠬᠢᠮᠳᠠ ᠣᠷᠣᠨ ᠰᠠᠭᠤᠴᠠ ᠶᠢᠨ ᠢᠨᠵᠧᠨᠧᠷᠢᠩ ᠤᠨ ᠢᠵᠢ ᠪᠦᠷᠢᠳᠦᠭᠦᠯᠬᠦ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ 7 ᠲᠦᠷᠦᠯ ᠵᠦᠢᠯ ᠳᠤ ᠬᠡᠷᠡᠭᠯᠡᠵᠦ᠂ ᠬᠠᠶᠢᠷᠤᠪ ᠤᠨ ᠲᠤᠬᠤᠢ ᠲᠣᠭᠤᠷᠢᠭ ᠤᠨ ᠶᠢᠨ ᠬᠠᠢ ᠴᠡᠴᠡᠷᠯᠢᠭ᠂ ᠲᠤᠤ ᠷᠠᠨ ᠶᠠ ᠵᠢᠦᠢ᠂ ᠨᠠᠮ ᠤᠨ ᠰᠤᠷᠭᠠᠭᠤᠯᠢ ᠶᠢᠨ ᠣᠷᠣᠨ ᠰᠠᠭᠤᠴᠠ ᠶᠢᠨ ᠠᠰᠠᠷ ᠵᠡᠷᠭᠡ 35 ᠪᠠᠭ᠎ᠠ ᠲᠣᠭᠤᠷᠢᠭ ᠲᠤ ᠥᠭᠡᠷᠡᠴᠢᠯᠡᠯᠲᠡ ᠬᠢᠨ᠎ᠡ᠃ ᠬᠠᠶᠢᠷᠤᠪ ᠤᠨ ᠲᠤᠬᠤᠢ ᠲᠣᠭᠤᠷᠢᠭ ᠤᠨ ᠬᠢᠨ ᠲᠦᠷᠦᠯ ᠵᠦᠢᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠮᠥᠷᠳᠡᠨ ᠲᠤᠬᠢᠷᠠᠭᠤᠯᠵᠤ᠂ ᠬᠤᠳᠠ ᠪᠠᠯᠭᠠᠰᠤᠨ ᠤ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ ᠶᠢᠨ ᠶᠠᠰᠤ ᠴᠢᠨᠠᠷ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠬᠦ ᠶᠢ ᠪᠠᠲᠤᠯᠠᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号