ᠬᠠᠶᠢᠷᠤᠪ ᠤᠨ ᠲᠤᠬᠤᠢ ᠲᠣᠭᠤᠷᠢᠭ ᠤᠨ ︽ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠳᠤ ᠬᠦᠴᠦ ᠪᠠᠨ ᠲᠥᠪᠯᠡᠷᠡᠭᠦᠯᠬᠦ︾ ᠬᠤᠶᠠᠳᠤᠭᠠᠷ ᠬᠤᠭᠤᠴᠠᠭᠠᠨ ᠤ ᠳᠣᠲᠣᠨᠣ ᠴᠢᠬᠡᠴᠢ ᠶᠠᠷᠢᠯᠴᠠᠬᠤ ᠬᠤᠷᠠᠯ ᠤᠮᠠᠷᠠᠲᠤ ᠶᠢᠨ ᠭᠡᠷ ᠤᠨ ᠡᠳ᠋ᠯᠡᠯ ᠬᠡᠷᠡᠭᠰᠡᠯ ᠰᠣᠶᠣᠯ ᠤᠨ ᠮᠦᠽᠧᠢ ᠳᠤ ᠬᠤᠷᠠᠯᠳᠤᠪᠠ
ᠨᠡᠶᠢᠲᠡᠯᠡᠭᠰᠡᠨ ᠴᠠᠭ᠄
2024/5/23
    5 ᠰᠠᠷ᠎ᠠ ᠶᠢᠨ 22᠎ ᠤᠨ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ︽ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠳᠤ ᠬᠦᠴᠦ ᠪᠠᠨ ᠲᠥᠪᠯᠡᠷᠡᠭᠦᠯᠬᠦ︾ ᠬᠤᠶᠠᠳᠤᠭᠠᠷ ᠬᠤᠭᠤᠴᠠᠭᠠᠨ ᠤ ᠳᠣᠲᠣᠨᠣ ᠴᠢᠬᠡᠴᠢ ᠶᠠᠷᠢᠯᠴᠠᠬᠤ ᠬᠤᠷᠠᠯ ᠤᠮᠠᠷᠠᠲᠤ ᠶᠢᠨ ᠭᠡᠷ ᠤᠨ ᠡᠳ᠋ᠯᠡᠯ ᠬᠡᠷᠡᠭᠰᠡᠯ ᠰᠣᠶᠣᠯ ᠤᠨ ᠮᠦᠽᠧᠢ ᠳᠤ ᠬᠤᠷᠠᠯᠳᠤᠪᠠ᠃ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠼᠦᠢ ᠬᠤᠩ ᠪᠥᠸᠧ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠬᠠᠶᠢᠷᠤᠪ ᠤᠨ ᠲᠤᠬᠤᠢ ᠲᠣᠭᠤᠷᠢᠭ ᠤᠨ ᠬᠡᠰᠡᠭ ᠠᠵᠤ ᠠᠬᠤᠶᠢᠯᠠᠯ ᠤᠨ ᠲᠥᠯᠥᠭᠡᠯᠡᠭᠴᠢ ᠬᠤᠷᠠᠯ ᠳᠤ ᠣᠷᠣᠯᠴᠠᠪᠠ᠃
640.png
       ᠬᠤᠷᠠᠯ ᠳᠡᠭᠡᠷ᠎ᠡ᠂ ᠬᠠᠶᠢᠷᠤᠪ ᠤᠨ ᠲᠣᠬᠤᠢ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠠᠶᠢᠷᠤᠪ ᠤᠨ ᠲᠣᠬᠤᠢ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠶᠢᠷᠤᠪ ᠤᠨ ᠲᠣᠬᠤᠢ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠬᠠᠶᠢᠷᠤᠪ ᠤᠨ ᠲᠣᠬᠤᠢ ᠲᠣᠭᠤᠷᠢᠭ ᠤᠨ ᠵᠠᠰᠠᠭ ᠤᠨ ᠶᠠᠪᠤᠳᠠᠯ ᠤᠨ ᠤᠶᠢᠯᠡᠴᠢᠯᠡᠭᠡ ᠪᠣᠯᠤᠨ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠨᠢᠭᠡᠴᠡ ᠶᠢᠨ ᠬᠠᠷᠢᠭᠤᠴᠠᠯᠭᠠᠲᠠᠨ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠪᠢᠴᠢᠭ ᠢᠶᠠᠷ ᠲᠠᠶᠢᠯᠪᠤᠷᠢᠯᠠᠪᠠ︔ ᠬᠤᠷᠠᠯ ᠳᠤ ᠣᠷᠣᠯᠴᠠᠭᠰᠠᠨ ᠡᠯ᠎ᠡ ᠠᠵᠤ ᠠᠬᠤᠶᠢᠯᠠᠯ ᠤᠨ ᠬᠠᠷᠢᠭᠤᠴᠠᠯᠭᠠᠲᠠᠨ ︽ᠵᠠᠬ᠎ᠠ ᠳᠡᠯᠭᠡᠭᠦᠷ ᠤᠨ ᠢᠲᠡᠭᠡᠯ ᠵᠣᠷᠢᠭ ᠢ ᠬᠥᠪᠴᠢᠯᠡᠵᠦ ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠳᠡᠭᠡᠭᠰᠢᠯᠡᠭᠦᠯᠬᠦ︾ ᠭᠤᠤᠯ ᠰᠡᠳᠦᠪ ᠤᠨ ᠲᠣᠭᠤᠷᠢᠨ ᠳᠤ᠂ ᠲᠣᠰ ᠠᠵᠤ ᠠᠬᠤᠶᠢᠯᠠᠯ ᠤᠨ ᠣᠳᠣᠬᠠᠨ ᠤ ᠬᠥᠭᠵᠢᠯᠲᠡ ᠶᠢᠨ ᠪᠠᠶᠢᠳᠠᠯ ᠵᠢᠴᠢ ᠬᠥᠭᠵᠢᠯᠲᠡ ᠶᠢᠨ ᠳᠤᠮᠳᠠ ᠲᠤᠯᠭᠠᠷᠠᠭᠰᠠᠨ ᠠᠰᠠᠭᠤᠳᠠᠯ ᠪᠠ ᠬᠦᠰᠡᠯ ᠱᠠᠭᠠᠷᠳᠠᠯᠭ᠎ᠠ ᠶᠢ ᠲᠣᠰ ᠲᠣᠰ ᠲᠠᠨᠢᠯᠴᠠᠭᠤᠯᠪᠠ᠃
640 (1).png   
    ᠼᠦᠢ ᠬᠤᠩ ᠪᠥᠸᠧ ᠬᠡᠯᠡᠭᠰᠡᠨ ᠨᠢ᠂ ᠡᠯ᠎ᠡ ᠰᠠᠯᠠᠭ᠎ᠠ ᠮᠥᠴᠢᠷ ᠤᠨ ᠬᠢᠨ ᠣᠳᠣᠬᠠᠨ ᠤ ᠬᠡᠷᠡᠭᠯᠡᠭᠡ ᠶᠢᠨ ᠨᠡᠮᠡᠭᠳᠡᠯ ᠢ ᠲᠣᠭᠲᠠᠪᠤᠷᠢᠵᠢᠭᠤᠯᠬᠤ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠪᠣᠯᠤᠨ ᠲᠤᠯᠭᠠᠮ᠎ᠠ ᠴᠢᠨᠠᠷ ᠢ ᠭᠦᠨᠵᠡᠭᠡᠶ ᠲᠠᠨᠢᠵᠤ᠂ ᠡᠭᠦᠷᠭᠡ ᠴᠢᠳᠠᠪᠬᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠠᠵᠤ ᠠᠬᠤᠶᠢᠯᠠᠯ ᠳᠤ ᠦᠢᠯᠡᠴᠢᠯᠡᠬᠦ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠨᠢᠭᠡ ᠪᠦᠯᠦᠭ ᠠᠵᠤ ᠠᠬᠤᠶᠢᠯᠠᠯ ᠤᠨ ᠬᠥᠭᠵᠢᠯᠲᠡ ᠶᠢᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠦᠨᠡᠨ ᠬᠦ ᠰᠢᠢᠳᠪᠦᠷᠢᠯᠡᠬᠦ ᠬᠡᠷᠡᠭᠲᠡᠶ︔ ᠡᠯ᠎ᠡ ᠰᠠᠯᠠᠭ᠎ᠠ ᠮᠥᠴᠢᠷ ᠤᠨ ᠬᠢᠨ ᠦᠵᠡᠯᠲᠡ ᠪᠠᠨ ᠲᠦᠷᠭᠡᠨ ᠬᠤᠪᠢᠷᠠᠭᠤᠯᠵᠤ᠂ ᠠᠵᠤ ᠠᠬᠤᠶᠢᠯᠠᠯᠲᠠᠨ ᠢ ᠦᠨᠡᠨᠬᠦ ᠵᠣᠴᠢᠳ ᠎ ᠢᠶᠠᠷ ᠦᠵᠡᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠦᠢᠯᠡᠴᠢᠯᠡᠬᠦ ᠠᠵᠢᠯ ᠢ ᠯᠠᠪᠳᠠᠭᠤᠨ ᠪᠠᠲᠤᠲᠠᠢ ᠬᠢᠬᠦ ᠬᠡᠷᠡᠭᠲᠡᠢ︔ ᠡᠯ᠎ᠡ ᠠᠵᠤ ᠠᠬᠤᠶᠢᠯᠠᠯ ᠤᠳ ᠣᠳᠣᠬᠠᠨ ᠤ ᠬᠡᠷᠡᠭᠯᠡᠭᠡᠨ ᠤ ᠪᠠᠶᠢᠳᠠᠯ ᠢ ᠣᠨᠣᠪᠴᠢᠲᠠᠶ ᠡᠵᠡᠮᠳᠡᠵᠦ᠂ ᠵᠠᠬ᠎ᠠ ᠳᠡᠯᠭᠡᠭᠦᠷ ᠤᠨ ᠰᠢᠨ᠎ᠡ ᠬᠠᠨᠳᠤᠰᠢ ᠶᠢ ᠳᠠᠭᠠᠵᠤ᠂ ᠬᠡᠷᠡᠭᠯᠡᠭᠡᠨ ᠤ ᠵᠠᠭᠪᠤᠷ ᠢ ᠤᠯᠠᠮ ᠨᠢᠭᠡ ᠠᠯᠬᠤᠮ ᠬᠠᠶᠢᠨ ᠰᠦᠪᠡᠭᠴᠢᠯᠡᠵᠦ᠂ ᠵᠠᠬ᠎ᠠ ᠳᠡᠯᠭᠡᠭᠦᠷ ᠤᠨ ᠬᠡᠷᠡᠭᠯᠡᠭᠡᠨ ᠤ ᠬᠡᠷᠡᠭᠴᠡᠭᠡ ᠶᠢ ᠣᠯᠠᠨ ᠡᠰᠢᠵᠢᠭᠦᠯᠦᠨ ᠬᠠᠩᠭᠠᠵᠤ᠂ ᠬᠠᠶᠢᠷᠤᠪ ᠤᠨ ᠲᠣᠬᠤᠢ ᠲᠣᠭᠤᠷᠢᠭ ᠤᠨ ᠬᠡᠷᠡᠭᠯᠡᠭᠡᠨ ᠤ ᠲᠣᠭᠲᠠᠭᠤᠨ ᠢᠶᠠᠷ ᠨᠡᠮᠡᠭᠳᠡᠬᠦ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠬᠦ ᠬᠡᠷᠡᠭᠲᠡᠶ ᠭᠡᠵᠠᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号