ᠪᠡᠭᠡᠵᠢᠩ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠪᠦᠯᠦᠭᠯᠡᠯ ᠰᠢᠨᠬᠤᠸᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/5/24
    ᠬᠠᠶᠢᠷᠤᠪ ᠤᠨ ᠲᠤᠬᠤᠢ ᠲᠣᠭᠤᠷᠢᠭ ᠤᠨ ᠬᠤᠭ ᠨᠣᠪᠰᠢ ᠶᠢ ᠲᠦᠷᠦᠯ ᠬᠤᠪᠢᠶᠠᠨ ᠵᠠᠰᠠᠬᠤ ᠲᠤᠷᠰᠢᠯᠲᠠ ᠶᠢᠨ ᠴᠡᠭ ᠤᠨ ᠠᠵᠢᠯ ᠢ ᠶᠡᠬᠡᠪᠡᠷ ᠠᠬᠢᠭᠤᠯᠵᠤ᠂ ᠬᠠᠷᠢᠶ᠎ᠠ ᠣᠷᠣᠨ ᠤ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠪᠡᠷ ᠲᠡᠭᠰᠢ ᠪᠠᠶᠢᠯᠭᠠᠬᠤ ᠶᠢ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠪᠡᠭᠡᠵᠢᠩ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠪᠦᠯᠦᠭᠯᠡᠯ ᠤᠨ ᠬᠢᠨ ᠰᠢᠨᠬᠤᠸᠠ ᠵᠡᠭᠡᠯᠢ ᠭᠤᠳᠤᠮᠵᠢ ᠶᠢᠨ ᠬᠠᠷᠢᠶ᠎ᠠ ᠣᠷᠣᠨ ᠳᠤ ᠬᠦᠷᠴᠦ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠪᠠᠶᠢᠴᠠᠭᠠᠨ ᠰᠤᠳᠤᠯᠵᠤ᠂ ᠵᠡᠭᠡᠯᠢ ᠭᠤᠳᠤᠮᠵᠢ ᠶᠢᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠪᠠᠷ᠎ᠠ ᠪᠣᠯᠵᠣ᠂ ᠬᠠᠷᠢᠶ᠎ᠠ ᠣᠷᠣᠨ ᠤ ᠪᠠᠨ ᠡᠯ᠎ᠡ ᠨᠡᠶᠢᠭᠡᠮ ᠲᠣᠭᠤᠷᠢᠭ᠂ ᠬᠡᠤᠬᠡᠳ ᠤᠨ ᠴᠡᠴᠡᠷᠯᠢᠭ᠂ ᠰᠠᠭᠤᠭᠠᠯᠢ ᠲᠣᠭᠤᠷᠢᠭ ᠢ ᠲᠤᠬᠠᠶ ᠶᠢᠨ ᠭᠠᠵᠠᠷ ᠲᠤᠨᠢ ᠰᠤᠷᠪᠤᠯᠵᠢᠯᠠᠵᠤ᠂ ᠪᠣᠳᠠᠲᠠᠶ ᠪᠠᠶᠢᠳᠠᠯ ᠢ ᠭᠦᠢᠴᠡᠳ ᠪᠠᠶᠢᠴᠠᠭᠠᠨ ᠰᠤᠳᠤᠯᠬᠤ ᠪᠠᠷ ᠳᠡᠮᠵᠢᠨ᠂ ᠬᠤᠭ ᠨᠣᠪᠰᠢ ᠶᠢ ᠲᠥᠷᠥᠯ ᠬᠤᠪᠢᠶᠠᠨ ᠬᠠᠶᠠᠬᠤ ᠭᠠᠵᠠᠷ ᠪᠠ ᠬᠤᠭ ᠨᠣᠪᠰᠢ ᠶᠢ ᠲᠥᠷᠥᠯ ᠬᠤᠪᠢᠶᠠᠨ ᠣᠶᠢᠯᠠᠭᠠᠬᠤ ᠥᠷᠲᠡᠭᠡ ᠶᠢ ᠬᠠᠮᠲᠤᠷᠠᠨ ᠪᠠᠶᠢᠭᠤᠯᠬᠤ ᠳᠤ ᠲᠥᠰᠦᠯ ᠤᠨ ᠲᠤᠯᠭᠠᠭᠤᠷᠢᠯᠠᠯ ᠬᠠᠩᠭᠠᠪᠠ᠃
33180_700x700.png   
    ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠤ᠂ ᠡᠩ ᠲᠡᠷᠢᠭᠦᠨ ᠳᠤ ᠵᠡᠭᠡᠯᠢ ᠭᠤᠳᠤᠮᠵᠢ ᠶᠢᠨ ᠵᠢᠷᠭᠤᠭᠠᠨ ᠨᠡᠶᠢᠭᠡᠮ ᠲᠣᠭᠤᠷᠢᠭ ᠤᠨ ᠠᠯᠪᠠᠨ ᠠᠰᠠᠷ ᠤᠨ ᠳᠣᠲᠣᠷᠠᠬᠢ ᠠᠯᠪᠠᠨ ᠭᠡᠷ᠂ ᠬᠤᠷᠠᠯ ᠤᠨ ᠭᠡᠷ᠂ ᠴᠠᠬᠢᠯᠭᠠᠨ ᠱᠠᠲᠤ ᠶᠢᠨ ᠡᠭᠦᠳᠡ᠂ ᠬᠤᠭᠤᠯᠠᠨ ᠭᠡᠷ ᠤᠨ ᠲᠤᠭ᠎ᠠ ᠬᠡᠮᠵᠢᠶ᠎ᠡ᠂ ᠠᠵᠢᠯᠯᠠᠬᠤ ᠲᠣᠭᠤᠷᠢᠭ ᠤᠨ ᠠᠵᠢᠯᠲᠠᠨ ᠤ ᠲᠤᠭ᠎ᠠ᠂ ᠬᠤᠭᠤᠯᠠᠨ ᠭᠡᠷ ᠤᠨ ᠡᠳᠦᠷ ᠪᠦᠷᠢ ᠶᠢᠨ ᠬᠤᠭ ᠨᠣᠪᠰᠢ ᠭᠠᠷᠭᠠᠬᠤ ᠲᠤᠭ᠎ᠠ ᠬᠡᠮᠵᠢᠶ᠎ᠡ᠂ ᠣᠳᠣ ᠪᠠᠶᠢᠭ᠎ᠠ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ ᠵᠠᠭᠪᠤᠷ ᠵᠡᠷᠭᠡ ᠪᠠᠶᠢᠳᠠᠯ ᠢ ᠰᠢᠨᠵᠢᠯᠡᠨ ᠪᠠᠶᠢᠴᠠᠭᠠᠵᠤ ᠣᠶᠢᠯᠠᠭᠠᠵᠤ᠂ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠬᠤᠭ ᠨᠣᠪᠰᠢ ᠶᠢ ᠲᠥᠷᠥᠯ ᠬᠤᠪᠢᠶᠠᠨ ᠲᠠᠯᠪᠢᠬᠤ ᠴᠡᠭ ︵3᠎ ᠳᠤ ᠨᠡᠪᠲᠡᠷᠡᠭᠦᠯᠬᠦ︶ ᠲᠥᠰᠦᠯ ᠢ ᠲᠣᠭᠲᠠᠭᠠᠪᠠ᠃ ᠳᠠᠷᠠᠭ᠎ᠠ ᠨᠢ᠂ ᠬᠠᠶᠢᠷᠤᠪ ᠤᠨ ᠲᠤᠬᠤᠢ ᠲᠣᠭᠤᠷᠢᠭ ᠤᠨ ᠭᠤᠷᠪᠠᠳᠤᠭᠠᠷ ᠬᠡᠦᠬᠡᠳ ᠤᠨ ᠴᠡᠴᠡᠷᠯᠢᠭ ᠪᠣᠯᠤᠨ ᠬᠤᠶᠠᠳᠤᠭᠠᠷ ᠪᠠᠭ᠎ᠠ ᠰᠤᠷᠭᠠᠭᠤᠯᠢ ᠳᠤ ᠬᠦᠷᠴᠦ᠂ ᠬᠤᠭᠤᠯᠠᠨ ᠭᠡᠷ ᠤᠨ ᠲᠣᠭᠤᠭᠠᠨ ᠭᠡᠷ ᠤᠨ ᠬᠤᠭ ᠨᠣᠪᠰᠢ ᠶᠢᠨ ᠡᠳᠦᠷ ᠤᠨ ᠭᠠᠷᠤᠯᠲᠠ ᠪᠣᠯᠤᠨ ᠡᠳᠦᠷ ᠳᠤᠮᠳᠠᠴᠢ ᠶᠢᠨ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ ᠬᠡᠮᠵᠢᠶ᠎ᠡ ᠶᠢ ᠲᠣᠭᠲᠠᠭᠠᠬᠤ ᠪᠠᠷ ᠳᠠᠮᠵᠢᠨ᠂ ᠰᠤᠷᠭᠠᠭᠤᠯᠢ ᠶᠢᠨ ᠬᠦᠷᠢᠶᠡᠨ ᠤ ᠬᠤᠭ ᠨᠣᠪᠰᠢ ᠶᠢ ᠲᠥᠷᠥᠯ ᠬᠤᠪᠢᠶᠠᠨ ᠲᠠᠯᠪᠢᠬᠤ ᠴᠡᠭ ︵3᠎ ᠳᠤ ᠨᠡᠪᠲᠡᠷᠡᠭᠦᠯᠬᠦ︶᠎ ᠤᠨ ᠲᠤᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠪᠡ᠃ ᠡᠴᠦᠰ ᠲᠤ᠂ ᠯᠢ ᠳ᠋ᠦ᠋ ᠵᠢᠶᠠ ᠶᠤᠸᠠᠨ ᠪᠣᠯᠤᠨ ᠳ᠋ᠢ ᠱᠦᠢ ᠵᠢᠵᠢᠭ ᠲᠣᠭᠤᠷᠢᠭ ᠤᠨ ᠪᠠᠷᠢᠯᠭ᠎ᠠ ᠶᠢᠨ ᠡᠷᠦᠬᠡ ᠶᠢᠨ ᠲᠤᠭ᠎ᠠ᠂ ᠵᠢᠵᠢᠭ ᠲᠣᠭᠤᠷᠢᠭ ᠤᠨ ᠠᠰᠠᠷ ᠤᠨ ᠲᠤᠭ᠎ᠠ᠂ ᠵᠢᠵᠢᠭ ᠲᠣᠭᠤᠷᠢᠭ ᠤᠨ ᠲᠥᠯᠥᠪᠵᠢᠭᠦᠯᠭᠡ ᠶᠢᠨ ᠲᠠᠷᠬᠠᠯᠲᠠ᠂ ᠵᠢᠵᠢᠭ ᠲᠣᠭᠤᠷᠢᠭ ᠤᠨ ᠬᠤᠭ ᠨᠣᠪᠰᠢ ᠶᠢᠨ ᠰᠠᠪᠠ ᠶᠢᠨ ᠲᠤᠭ᠎ᠠ ᠵᠢᠴᠢ ᠡᠳᠦᠷ ᠪᠦᠷᠢ ᠶᠢᠨ ᠭᠠᠷᠭᠠᠭᠰᠠᠨ ᠬᠤᠭ ᠨᠣᠪᠰᠢ ᠶᠢᠨ ᠶᠡᠷᠦᠩᠬᠡᠶ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠵᠤ᠂ ᠬᠤᠭ ᠨᠣᠪᠰᠢ ᠶᠢ ᠲᠥᠷᠥᠯ ᠬᠤᠪᠢᠶᠠᠨ ᠣᠶᠢᠯᠠᠭᠠᠬᠤ ᠲᠥᠪ ᠢ ᠰᠤᠳᠤᠯᠤᠨ ᠶᠠᠷᠢᠯᠴᠠᠵᠤ᠂ ᠵᠢᠵᠢᠭ ᠲᠣᠭᠤᠷᠢᠭ ᠤᠨ ᠬᠤᠭ ᠨᠣᠪᠰᠢ ᠶᠢ ᠲᠥᠷᠥᠯ ᠬᠤᠪᠢᠶᠠᠨ ᠲᠠᠯᠪᠢᠬᠤ ᠴᠡᠭ ︵3᠎ ᠳᠤ ᠨᠡᠪᠲᠡᠷᠡᠭᠦᠯᠬᠦ︶᠎ ᠤᠨ ᠲᠤᠭ᠎ᠠ ᠬᠡᠮᠵᠢᠶ᠎ᠡ ᠶᠢ ᠲᠣᠭᠲᠠᠭᠠᠪᠠ᠃
33181_700x700.png   
    ᠲᠠᠷᠠᠭᠠᠴᠢ ᠶᠢᠨ ᠠᠯᠬᠤᠮ ᠳᠤ᠂ ᠰᠢᠨᠬᠤᠸᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠢᠨ ᠬᠤᠭ ᠨᠣᠪᠰᠢ ᠶᠢ ᠲᠥᠷᠥᠯ ᠬᠤᠪᠢᠶᠠᠨ ᠵᠠᠰᠠᠬᠤ ᠲᠤᠷᠰᠢᠯᠲᠠ ᠶᠢᠨ ᠴᠡᠭ ᠤᠨ ᠠᠵᠢᠯ ᠢ ᠭᠦᠨᠵᠡᠭᠡᠶ ᠠᠬᠢᠭᠤᠯᠵᠤ᠂ ᠪᠡᠭᠡᠵᠢᠩ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠪᠦᠯᠦᠭᠯᠡᠯ ᠲᠠᠢ ᠨᠥᠬᠦᠷᠰᠡᠭ ᠬᠠᠮᠲᠤᠷᠠᠯᠴᠠᠭ᠎ᠠ ᠲᠣᠭᠲᠠᠵᠤ᠂ ᠬᠤᠭ ᠨᠣᠪᠰᠢ ᠶᠢ ᠲᠥᠷᠥᠯ ᠬᠤᠪᠢᠶᠠᠬᠤ ᠲᠤᠷᠰᠢᠯᠲᠠ ᠶᠢᠨ ᠴᠡᠭ ᠤᠨ ᠢᠨᠵᠧᠨᠧᠷᠢᠩ ᠢ ᠬᠦᠴᠦᠯᠡᠨ ᠪᠠᠶᠢᠭᠤᠯᠵᠤ᠂ ᠬᠠᠷᠢᠶᠠᠲᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠵᠤ᠂ ᠰᠠᠭᠤᠭᠠᠯᠢ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠠᠮᠢᠵᠢᠷᠠᠯ ᠤᠨ ᠬᠦᠴᠦᠨ ᠪᠦᠬᠦᠢ ᠬᠠᠶᠢᠷᠤᠪ ᠤᠨ ᠲᠤᠬᠤᠢ ᠶᠢ ᠪᠥᠲᠥᠭᠡᠨ ᠪᠠᠶᠢᠭᠤᠯᠬᠤ ᠳᠤ ᠰᠢᠨᠬᠤᠸᠠ ᠬᠦᠴᠦᠨ ᠴᠢᠳᠠᠯ ᠢᠶᠠᠨ ᠡᠷᠭᠦᠨ᠎ᠡ ᠬᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号