ᠬᠠᠶᠢᠷᠤᠪ ᠤᠨ ᠲᠤᠬᠤᠢ ᠲᠣᠭᠤᠷᠢᠭ ᠤᠨ ᠬᠢᠨ 2024 ᠣᠨ ᠤ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠦᠭᠵᠢᠯᠲᠡ ᠶᠢᠨ ᠶᠠᠰᠤ ᠴᠢᠨᠠᠷ ᠢ ᠬᠢᠨᠠᠨ ᠬᠡᠮᠵᠢᠬᠦ ᠶᠢ ᠤᠭᠲᠤᠪᠠ
ᠨᠡᠶᠢᠲᠡᠯᠡᠭᠰᠡᠨ ᠴᠠᠭ᠄
2024/5/27
    2024 ᠣᠨ ᠤ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢᠨ ᠶᠠᠰᠤ ᠴᠢᠨᠠᠷ ᠢ ᠬᠢᠨᠠᠨ ᠬᠡᠮᠵᠢᠬᠦ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ 5 ᠰᠠᠷ᠎ᠠ ᠶᠢᠨ 20 ᠤ ᠡᠳᠦᠷ ᠠᠴᠠ 21 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠵᠢᠯᠣᠭᠤᠳᠤᠭᠴᠢ ᠯᠢ ᠪᠦᠦ ᠲᠦᠩ ᠨᠡᠷ ᠬᠠᠶᠢᠷᠤᠪ ᠤᠨ ᠲᠣᠬᠤᠶ ᠲᠣᠭᠤᠷᠢᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢᠨ ᠶᠠᠰᠤ ᠴᠢᠨᠠᠷ ᠢ ᠬᠢᠨᠠᠨ ᠬᠡᠮᠵᠢᠬᠦ ᠡᠯ᠎ᠡ ᠵᠤᠶᠢᠯ ᠤᠨ ᠪᠡᠯᠡᠳᠬᠡᠯ ᠠᠵᠢᠯ ᠢ ᠦᠵᠡᠵᠦ ᠵᠢᠯᠣᠭᠤᠳᠪᠠ᠃ ᠦᠬᠠᠶ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠠᠮᠢᠶ᠎ᠠ ᠪᠦᠬᠦᠢ ᠤᠳᠤᠷᠢᠳᠤᠯᠭ᠎ᠠ ᠪᠠᠷ᠎ᠠ ᠪᠣᠯᠪᠠ᠃
33156_700x700.png 
    ᠲᠣᠭᠤᠷᠢᠨ ᠵᠢᠯᠣᠭᠤᠳᠬᠤ ᠳᠤᠭᠤᠶᠢᠯᠠᠩ ᠤᠨ ᠬᠢᠨ ᠬᠠᠶᠢᠷᠤᠪ ᠤᠨ ᠲᠣᠬᠤᠢ ᠲᠣᠭᠤᠷᠢᠭ ᠤᠨ ᠦᠯᠢᠭᠡᠷ ᠰᠤᠷᠭᠠᠭᠤᠯᠢ ᠶᠢᠨ ᠰᠦᠯᠵᠢᠶᠡᠨ ᠤ ᠰᠢᠯᠭᠠᠯᠲᠠ ᠶᠢᠨ ᠬᠢᠴᠢᠶᠡᠯ ᠤᠨ ᠭᠡᠷ ᠤᠨ ᠪᠠᠶᠢᠷᠢᠯᠠᠭᠤᠯᠤᠯᠲᠠ ᠵᠢᠴᠢ ᠬᠢᠨᠠᠨ ᠡᠵᠡᠮᠳᠡᠬᠦ ᠪᠠᠶᠢᠷᠢᠯᠠᠭᠤᠯᠤᠯᠲᠠ ᠶᠢᠨ ᠪᠠᠶᠢᠳᠠᠯ ᠵᠢᠴᠢ ᠰᠢᠯᠭᠠᠨ ᠲᠤᠷᠰᠢᠬᠤ ᠲᠤᠬᠠᠢ ᠶᠢᠨ ᠲᠠᠯᠠᠪᠠᠢ ᠶᠢᠨ ᠠᠯᠪᠠᠨ ᠭᠡᠷ᠂ ᠨᠢᠭᠤᠴᠠ ᠶᠢ ᠬᠠᠮᠠᠭᠠᠯᠠᠬᠤ ᠲᠠᠰᠤᠭ ᠤᠨ ᠪᠠᠶᠢᠷᠢᠯᠠᠭᠤᠯᠤᠯᠲᠠ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠪᠡᠶ᠎ᠡ ᠶᠢᠨ ᠲᠠᠮᠢᠷ ᠤᠨ ᠲᠤᠬᠠᠢ ᠶᠢᠨ ᠲᠠᠯᠠᠪᠠᠢ ᠶᠢᠨ ᠰᠢᠯᠭᠠᠨ ᠬᠡᠮᠵᠢᠬᠦ ᠲᠠᠯᠠᠪᠤᠷ ᠤᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠵᠢᠯᠣᠭᠤᠳᠬᠤ ᠶᠢᠨ ᠬᠠᠮᠲᠤ ᠡᠯ᠎ᠡ ᠵᠦᠢᠯ ᠤᠨ ᠲᠤᠰ ᠰᠤᠷᠭᠠᠭᠤᠯᠢ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢᠨ ᠶᠠᠰᠤ ᠴᠢᠨᠠᠷ ᠢ ᠬᠢᠨᠠᠨ ᠬᠡᠮᠵᠢᠬᠦ ᠮᠠᠲ᠋ᠧᠷᠢᠶᠠᠯ ᠢ ᠨᠠᠷᠢᠨ ᠪᠠᠶᠢᠴᠠᠭᠠᠨ ᠦᠵᠡᠵᠦ᠂ ᠡᠯ᠎ᠡ ᠰᠤᠷᠭᠠᠭᠤᠯᠢ ᠶᠢᠨ ᠬᠢᠨᠠᠨ ᠬᠡᠮᠵᠢᠬᠦ ᠠᠵᠢᠯ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ᠂ ᠬᠡᠷᠡᠭᠵᠢᠭᠦᠯᠬᠦ ᠲᠥᠰᠥᠯ᠂ ᠠᠵᠢᠯᠲᠠᠨ ᠤ ᠡᠭᠦᠷᠭᠡ ᠬᠠᠷᠢᠭᠤᠴᠠᠯᠭ᠎ᠠ᠂ ᠡᠯ᠎ᠡ ᠵᠦᠢᠯ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠵᠢᠴᠢ ᠲᠤᠬᠠᠢ ᠶᠢᠨ ᠡᠳᠦᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠪᠣᠯᠤᠨ ᠬᠡᠮᠵᠢᠨ ᠲᠤᠷᠰᠢᠭᠰᠠᠨ ᠲᠤᠬᠠᠢ ᠶᠢᠨ ᠡᠳᠦᠷ ᠤᠨ ᠵᠢᠭᠠᠨ ᠰᠤᠷᠭᠠᠯᠲᠠ ᠶᠢᠨ ᠲᠤᠬᠢᠷᠠᠭᠤᠯᠤᠯᠳᠠ ᠶᠢᠨ ᠪᠠᠶᠢᠳᠠᠯ ᠢ ᠭᠦᠨᠵᠡᠭᠡᠢ ᠣᠶᠢᠯᠠᠭᠠᠵᠤ᠂ ᠡᠯ᠎ᠡ ᠵᠦᠢᠯ ᠤᠨ ᠰᠤᠷᠭᠠᠭᠤᠯᠢ ᠳᠤ ᠬᠠᠨᠳᠤᠯᠭᠠᠲᠤ ᠴᠢᠨᠠᠷᠲᠠᠢ ᠬᠠᠯᠠᠨ ᠰᠠᠶᠢᠵᠢᠷᠠᠭᠤᠯᠬᠤ ᠰᠠᠨᠠᠯ ᠪᠣᠯᠤᠨ ᠰᠠᠨᠠᠭᠤᠯᠭ᠎ᠠ ᠳᠤᠷᠠᠳᠴᠠᠢ᠃
33155_700x700.png  
    ᠵᠢᠯᠤᠭᠤᠳᠬᠤ ᠳᠤᠭᠤᠶᠢᠯᠠᠩ ᠡᠯ᠎ᠡ ᠦᠯᠢᠭᠡᠷ ᠰᠤᠷᠭᠠᠭᠤᠯᠢ ᠶᠢᠨ ᠬᠢᠨᠠᠨ ᠬᠡᠮᠵᠢᠬᠦ ᠪᠡᠯᠡᠳᠬᠡᠯ ᠠᠵᠢᠯ ᠢ ᠭᠦᠢᠴᠡᠳ ᠨᠤᠳᠠᠯᠠᠪᠠ᠃ ᠵᠢᠯᠣᠭᠤᠳᠬᠤ ᠳᠤᠭᠤᠶᠢᠯᠠᠩ ᠤᠨ ᠳᠤᠷᠠᠳᠤᠭᠰᠠᠨ ᠰᠠᠨᠠᠯ ᠪᠠ ᠰᠠᠨᠠᠭᠤᠯᠭ᠎ᠠ ᠳᠤ ᠴᠢᠭᠯᠡᠭᠦᠯᠦᠨ᠂ ᠡᠯ᠎ᠡ ᠦᠯᠢᠭᠡᠷ ᠰᠤᠷᠭᠠᠭᠤᠯᠢ ᠦᠳᠲᠡᠷ ᠲᠦᠷᠭᠡᠨ ᠬᠥᠳᠡᠯᠦᠯᠴᠡᠵᠦ᠂ ᠳᠠᠷᠦ᠋ᠢᠬᠠᠨ ᠴᠡᠭᠴᠡᠯᠡᠨ ᠰᠠᠶᠢᠵᠢᠷᠠᠭᠤᠯᠵᠤ᠂ ᠲᠣᠰ ᠤᠳᠠᠭᠠᠨ ᠤ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢᠨ ᠶᠠᠰᠤ ᠴᠢᠨᠠᠷ ᠢ ᠬᠢᠨᠠᠨ ᠬᠡᠮᠵᠢᠬᠦ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号