ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠠᠬᠢᠯᠭ᠎ᠠ ᠪᠠᠲᠤ ᠶᠢ ᠴᠡᠭᠴᠡᠯᠡᠬᠦ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/5/28
    ᠣᠶᠢᠷ᠎ᠠ ᠳᠤ᠂ ᠬᠠᠶᠢᠷᠤᠪ ᠤᠨ ᠲᠣᠬᠤᠶ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠠᠬᠢᠯᠭ᠎ᠠ ᠪᠠᠲᠤ ᠶᠢ ᠴᠡᠭᠴᠡᠯᠡᠬᠦ ᠶᠡᠭᠡ ᠬᠤᠷᠠᠯ ᠬᠤᠷᠠᠯᠳᠤᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠼᠦᠢ ᠬᠤᠩ ᠪᠥᠸᠧ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    ᠬᠤᠷᠠᠯ ᠠᠴᠠ ︽ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠲᠥᠰᠦᠯ︾᠂ ︽ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠬᠠᠢ ᠬᠡᠷᠡᠭᠵᠢᠭᠦᠯᠬᠦ ᠲᠥᠰᠦᠯ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ 2023 ᠣᠨ ᠤ 6 ᠰᠠᠷ᠎ᠠ ᠠᠴᠠ 2024 ᠣᠨ ᠤ 5 ᠰᠠᠷ᠎ᠠ ᠪᠣᠯᠲᠠᠯ᠎ᠠ ᠬᠡᠰᠡᠭ ᠰᠠᠯᠠᠭ᠎ᠠ ᠮᠥᠴᠢᠷ ᠤᠨ ᠬᠢᠨ ᠲᠣᠭᠲᠠᠭᠰᠠᠨ ᠴᠠᠭ ᠤᠨ ᠬᠢᠵᠠᠭᠠᠷ ᠢ ᠦᠯᠦ ᠵᠢᠷᠤᠮᠯᠠᠬᠤ᠂ ᠤᠳᠤᠷᠢᠳᠤᠯᠭ᠎ᠠ ᠪᠠᠶᠢᠷᠢᠯᠠᠭᠤᠯᠬᠤ ᠠᠵᠢᠯ ᠢ ᠴᠢᠨᠠᠷ ᠰᠠᠶᠢᠲᠠᠢ ᠥᠨᠳᠥᠷ ᠪᠦᠲᠦᠮᠵᠢᠲᠡᠢ ᠪᠡᠶᠡᠯᠡᠭᠦᠯᠦᠭᠰᠡᠨ ᠦᠭᠡᠢ ᠪᠠᠶᠢᠳᠠᠯ ᠢ ᠮᠡᠳᠡᠭᠳᠡᠪᠡ︔ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠬᠠᠶᠢᠷᠤᠪ ᠤᠨ ᠲᠤᠬᠤᠢ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠤᠰᠤᠨ ᠤ ᠶᠠᠪᠤᠳᠠᠯ ᠤᠨ ᠲᠣᠪᠴᠢᠶ᠎ᠠ ᠠᠴᠠ ᠣᠪᠣᠷ ᠢᠶᠠᠨ ᠢᠯᠡᠳᠬᠡᠬᠦ ᠦᠭᠡ ᠬᠡᠯᠡᠭᠰᠡᠨ ᠪᠥᠭᠡᠳ ᠬᠠᠶᠢᠷᠤᠪ ᠤᠨ ᠲᠤᠬᠤᠢ ᠲᠣᠭᠤᠷᠢᠭ ᠤᠨ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃    ᠼᠦᠢ ᠬᠤᠩ ᠪᠥᠸᠧ ᠬᠡᠯᠡᠭᠰᠡᠨ ᠨᠢ᠂ ᠡᠯ᠎ᠡ ᠨᠢᠭᠡᠴᠡ ᠰᠠᠯᠠᠭ᠎ᠠ ᠮᠥᠴᠢᠷ ᠤᠳ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠶᠢᠨ ᠴᠢᠬᠤᠯᠠ ᠴᠢᠨᠠᠷ ᠪᠣᠯᠤᠨ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠣᠳᠣᠬᠠᠨ ᠤ ᠪᠠᠶᠢᠭᠤᠯᠭ᠎ᠠ ᠶᠢᠨ ᠰᠠᠬᠢᠯᠭ᠎ᠠ ᠪᠠᠲᠤ ᠣᠪᠣᠷ ᠰᠤᠷᠲᠠᠯ ᠤᠨ ᠳᠤᠮᠳᠠ ᠣᠷᠣᠰᠢᠵᠤ ᠪᠠᠶᠢᠭ᠎ᠠ ᠳᠣᠪᠤᠶᠢᠮ᠎ᠠ ᠠᠰᠠᠭᠤᠳᠠᠯ ᠢ ᠪᠦᠬᠦ ᠲᠠᠯ᠎ᠠ ᠪᠠᠷ ᠡᠵᠡᠮᠰᠢᠵᠦ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠭᠦᠨᠵᠡᠭᠡᠶ ᠲᠤᠩᠭᠠᠨ ᠪᠣᠳᠣᠯᠬᠢᠯᠠᠵᠤ᠂ ᠲᠣᠰ ᠪᠡᠶ᠎ᠡ ᠶᠢᠨ ᠣᠷᠣᠰᠢᠵᠤ ᠪᠠᠶᠢᠭ᠎ᠠ ᠠᠰᠠᠭᠤᠳᠠᠯ ᠢᠶᠠᠨ ᠨᠠᠷᠢᠨ ᠬᠢᠨᠠᠮᠠᠭᠠᠶ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠤᠨ᠂ ᠠᠵᠢᠯ ᠤᠨ ᠰᠤᠷᠲᠠᠯ ᠢᠶᠠᠨ ᠦᠨᠡᠨᠬᠦ ᠰᠠᠶᠢᠵᠢᠷᠠᠭᠤᠯᠬᠤ ᠬᠡᠷᠡᠭᠲᠡᠶ︔ ᠰᠠᠯᠠᠭ᠎ᠠ ᠮᠥᠴᠢᠷ ᠤᠨ ᠬᠤᠭᠤᠷᠣᠨᠳᠣ ᠪᠠᠨ ᠰᠠᠨᠠᠭᠠᠴᠢᠯᠠᠭ᠎ᠠ ᠠᠴᠠ ᠪᠠᠨ ᠵᠣᠬᠢᠴᠠᠭᠤᠯᠤᠨ ᠨᠡᠪᠲᠡᠷᠡᠯᠴᠡᠬᠦ ᠤᠬᠠᠮᠰᠠᠷ ᠢᠶᠠᠨ ᠴᠢᠩᠭᠠᠳᠬᠠᠵᠤ᠂ ᠬᠠᠮᠢᠶᠠᠷᠤᠯᠲᠠ ᠪᠠᠨ ᠴᠢᠩᠭ᠎ᠠ ᠨᠢᠮᠪᠠᠶ ᠠᠳᠬᠤᠵᠤ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠬᠡᠷᠡᠭᠲᠡᠶ︔ ᠬᠠᠷᠢᠭᠤᠴᠠᠯᠭ᠎ᠠ ᠶᠢᠨ ᠤᠳᠤᠷᠢᠳᠤᠮᠵᠢ ᠶᠢ ᠪᠠᠷᠢᠮᠲᠠᠯᠠᠵᠤ᠂ ᠡᠯ᠎ᠡ ᠵᠦᠢᠯ ᠤᠨ ᠠᠵᠢᠯ ᠢ ᠦᠨᠡᠨᠬᠦ ᠪᠣᠳᠠᠲᠠᠶ ᠠᠳᠬᠤᠬᠤ ᠬᠡᠷᠡᠭᠲᠡᠶ︔ ᠡᠯ᠎ᠡ ᠨᠢᠭᠡᠴᠡ ᠨᠦᠭᠦᠳ ᠥᠪᠡᠷ ᠤᠨ ᠡᠭᠦᠷᠭᠡ ᠴᠢᠳᠠᠪᠤᠷᠢ ᠲᠠᠢ ᠪᠠᠨ ᠤᠶᠠᠯᠳᠤᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠣᠯᠤᠨ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠰᠢᠰᠲ᠋ᠧᠮ ᠢᠶᠠᠷ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠦᠨᠵᠡᠭᠡᠶ ᠪᠦᠬᠦ ᠲᠠᠯ᠎ᠠ ᠪᠠᠷ ᠪᠠᠶᠢᠴᠠᠭᠠᠨ ᠰᠠᠶᠢᠵᠢᠷᠠᠭᠤᠯᠬᠤ ᠬᠡᠷᠡᠭᠲᠡᠶ︔ ᠲᠤᠰ ᠤᠳᠠᠭᠠᠨ ᠤ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠨᠢᠭᠡᠴᠡ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠨᠡᠨᠬᠦ ᠬᠡᠷᠡᠭᠵᠢᠭᠦᠯᠵᠦ ᠪᠣᠯᠬᠤᠶᠢᠴᠠ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠣᠭᠲᠠᠭᠠᠵᠤ᠂ ᠬᠢᠨᠠᠯᠲᠠ ᠲᠠᠯᠪᠢᠵᠤ ᠪᠠᠶᠢᠴᠠᠭᠠᠬᠤ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠰᠠᠬᠢᠯᠭ᠎ᠠ ᠪᠠᠲᠤ ᠶᠢ ᠴᠡᠭᠴᠡᠯᠡᠬᠦ ᠠᠵᠢᠯ ᠤᠨ ᠡᠯ᠎ᠡ ᠵᠦᠢᠯ ᠤᠨ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ᠂ ᠰᠠᠬᠢᠯᠭ᠎ᠠ ᠪᠠᠲᠤ ᠶᠢ ᠴᠡᠭᠴᠡᠯᠡᠬᠦ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠤ ᠬᠡᠯᠡᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号