ᠬᠠᠶᠢᠷᠤᠪ ᠤᠨ ᠲᠤᠬᠤᠢ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 122 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/5/28
    ᠤᠢᠢᠷ᠎ᠠ ᠳᠤ᠂ ᠬᠠᠶᠢᠷᠤᠪ ᠤᠨ ᠲᠤᠬᠤᠢ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 122 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠵᠢᠴᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠢᠭᠡ ᠴᠤᠬᠴᠠᠵᠢᠭᠤᠯᠤᠨ ᠠᠬᠢᠭᠤᠯᠬᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠠᠬᠢᠭᠤᠯᠬᠤ ᠬᠤᠷᠠᠯ ᠤᠨ ᠬᠤᠷᠠᠯ ᠬᠤᠷᠠᠯᠳᠤᠪᠠ᠃ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠦᠨ ᠬᠤᠤ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃    ᠬᠤᠷᠠᠯ ᠳᠡᠭᠡᠷ᠎ᠡ ᠶᠡᠷᠦᠩᠬᠡᠶ ᠱᠦᠵᠢ ᠰᠢ ᠶᠢᠨ ᠫᠢᠩ ᠤᠨ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠥᠲᠥᠭᠡᠨ ᠪᠠᠶᠢᠭᠤᠯᠤᠯᠲᠠ᠂ ᠵᠢᠭᠤᠯᠴᠢᠯᠠᠯ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠡᠭᠡᠵᠢᠩ ᠬᠤᠲᠠ ᠶᠢᠨ ᠪᠠ ᠳ᠋ᠠ ᠯᠢᠩ ᠣᠷᠳᠣ ᠴᠠᠭᠠᠨ ᠬᠡᠷᠡᠮ ᠤᠨ ᠬᠤᠷᠮᠣᠶ ᠳᠠᠬᠢ ᠨᠤᠲᠤᠭ ᠤᠨ ᠠᠬ᠎ᠠ ᠳᠡᠭᠦᠦ ᠨᠡᠷ ᠲᠤ ᠬᠠᠷᠢᠭᠤ ᠵᠠᠬᠢᠳᠠᠯ ᠤᠨ ᠵᠣᠷᠢᠭ ᠰᠠᠨᠠᠭ᠎ᠠ᠂ ︽ᠦᠨᠡᠨ︾ ᠰᠡᠳᠬᠦᠯ ᠤᠨ 2024 ᠣᠨ ᠤ 10 ᠳ᠋ᠤᠭᠠᠷ ᠬᠤᠭᠤᠴᠠᠭᠠᠨ ᠳᠤ ᠨᠡᠶᠢᠲᠡᠯᠡᠭᠰᠡᠨ ᠶᠡᠷᠦᠩᠬᠡᠶ ᠱᠦᠵᠢ ᠰᠢ ᠶᠢᠨ ᠫᠢᠩ ᠤᠨ ︽ᠥᠭᠡᠷᠡᠴᠢᠯᠡᠯᠲᠡ ᠨᠡᠭᠡᠭᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠶ᠎ᠡ︾ ᠭᠡᠬᠦ ᠴᠢᠬᠤᠯᠠ ᠵᠣᠬᠢᠶᠠᠯ᠂ ︽ᠲᠥᠪᠯᠡᠷᠡᠭᠦᠯᠦᠨ ᠴᠡᠭᠴᠡᠯᠡᠨ ᠵᠠᠰᠠᠬᠤ ᠳᠤᠮᠳᠠ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠪᠠ ᠢᠳᠡᠭᠡᠨ ᠤᠮᠳᠠᠭᠠᠨ ᠤ ᠵᠠᠷᠤᠳᠠᠯ ᠤᠨ ᠬᠠᠮᠢᠶᠠᠷᠤᠯᠲᠠ᠂ ᠬᠥᠳᠡᠭᠡ ᠲᠣᠰᠬᠤᠨ ᠤ ᠬᠠᠮᠲᠤ ᠶᠢᠨ ︽ᠭᠤᠷᠪᠠᠨ ᠪᠡᠯᠡ︾᠎ ᠶᠢᠨ ᠬᠠᠮᠢᠶᠠᠷᠤᠯᠲᠠ ᠶᠢᠨ ᠲᠣᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ᠵᠡᠷᠭᠡ ᠠᠭᠤᠯᠭ᠎ᠠ ᠶᠢ ᠰᠣᠨᠣᠰᠪᠠ︔ ᠬᠠᠶᠢᠷᠤᠪ ᠤᠨ ᠲᠣᠬᠤᠢ ᠲᠣᠭᠤᠷᠢᠭ ᠲᠠᠪᠤᠨ ᠶᠡᠭᠡ ᠡᠭᠦᠷᠭᠡ ᠪᠠᠨ ᠪᠡᠶᠡᠯᠡᠭᠦᠯᠵᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠡᠯ᠎ᠡ ᠲᠤᠰᠬᠠᠶ ᠵᠦᠢᠯ ᠤᠨ ᠳᠤᠭᠤᠶᠢᠯᠠᠩ ᠤᠨ ᠠᠵᠢᠯ ᠤᠨ ᠠᠬᠢᠴᠠ ᠶᠢ ᠰᠣᠨᠣᠰᠴᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠢᠭᠡ ᠴᠤᠭᠴᠠᠵᠢᠭᠤᠯᠤᠨ ᠠᠬᠢᠭᠤᠯᠵᠤ᠂ ᠬᠡᠯᠪᠡᠷᠢ ᠶᠢᠨ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃    ᠰᠦᠨ ᠬᠤᠤ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠶᠢᠭᠤᠯᠤᠯᠲᠠ ︽ᠶᠠᠭᠤ ᠵᠢᠭᠠᠬᠤ︾᠂ ︽ᠬᠡᠷᠬᠢᠨ ᠵᠢᠭᠠᠬᠤ︾᠂ ︽ᠬᠡᠨ ᠵᠢᠭᠠᠬᠤ ᠪᠤᠢ︾᠎ ᠶᠢᠨ ᠲᠣᠭᠤᠷᠢᠨ ᠳᠤ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠶᠣᠰᠣ ᠤᠴᠢᠷ ᠢ ᠭᠦᠨᠵᠡᠭᠡᠶ᠂ ᠨᠡᠪᠲᠡᠷᠡᠲᠡᠯ᠎ᠡ ᠶᠠᠷᠢᠵᠤ᠂ ᠠᠮᠢᠳᠤᠯᠢᠭ ᠶᠠᠷᠢᠵᠤ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠬᠠᠨᠳᠤᠯᠭᠠᠲᠤ ᠴᠢᠨᠠᠷ ᠪᠠ ᠲᠠᠲᠠᠬᠤ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠰᠢ ᠶᠢᠨ ᠫᠢᠩ ᠶᠡᠷᠦᠩᠬᠡᠢ ᠱᠦᠵᠢ ᠶᠢᠨ ᠵᠢᠭᠤᠯᠴᠢᠯᠠᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠬᠠᠶᠢᠷᠤᠪ ᠤᠨ ᠲᠤᠬᠤᠢ ᠲᠣᠭᠤᠷᠢᠭ ᠤᠨ ᠣᠷᠣᠨ ᠪᠠᠶᠢᠷᠢ᠂ ᠡᠬᠢ ᠪᠠᠶᠠᠯᠢᠭ ᠤᠨ ᠣᠨᠴᠠᠯᠢᠭ ᠲᠠᠢ ᠤᠶᠠᠯᠳᠤᠭᠤᠯᠤᠨ ᠵᠢᠭᠤᠯᠴᠢᠯᠠᠯ ᠤᠨ ᠬᠥᠭᠵᠢᠯᠲᠡ ᠶᠢᠨ ᠳᠠᠯᠳᠠ ᠬᠦᠴᠦᠨ ᠢ ᠭᠦᠨᠵᠡᠭᠡᠢ ᠠᠭᠤᠳᠠᠯᠵᠤ᠂ ᠲᠦᠷᠭᠡᠨ ᠠᠵᠢᠯᠯᠠᠬᠤ ᠶᠢ ᠴᠢᠩᠭ᠎ᠠ ᠠᠳᠬᠤᠵᠤ᠂ ᠬᠥᠳᠡᠭᠡ ᠠᠵᠤ ᠠᠬᠤᠢ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠴᠢᠨᠠᠭᠰᠢᠳᠠ ᠠᠬᠢᠭᠤᠯᠵᠤ᠂ ᠭᠤᠷᠪᠠᠨ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠬᠥᠳᠡᠯᠭᠡᠬᠦ ᠬᠦᠴᠦᠨ ᠢ ᠲᠠᠰᠤᠷᠠᠯᠲᠠ ᠦᠭᠡᠢ ᠬᠥᠭᠵᠢᠭᠡᠬᠦ ᠬᠡᠷᠡᠭᠲᠡᠢ︔ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠭᠤᠷᠪᠠᠨ ᠪᠢᠲᠡᠭᠦᠦ ᠴᠠᠭᠠᠷᠢᠭ ᠢ ᠪᠦᠷᠢᠯᠳᠦᠭᠦᠯᠵᠦ᠂ ᠰᠤᠷᠤᠯᠴᠠᠬᠤ ᠪᠠ ᠬᠢᠬᠦ ᠪᠢᠲᠡᠭᠦᠦ ᠴᠠᠭᠠᠷᠢᠭ᠂ ᠤᠯᠠᠨ ᠲᠦᠮᠡᠨ ᠤ ᠬᠢᠨᠠᠯᠲᠠ ᠲᠠᠯᠪᠢᠬᠤ ᠪᠠ ᠰᠢᠢᠳᠪᠦᠷᠢᠯᠡᠬᠦ ᠪᠢᠲᠡᠭᠦᠦ ᠴᠠᠭᠠᠷᠢᠭ᠂ ᠤᠯᠠᠨ ᠲᠦᠮᠡᠨ ᠤ ᠬᠢᠨᠠᠯᠲᠠ ᠲᠠᠯᠪᠢᠬᠤ ᠪᠠ ᠰᠢᠢᠳᠪᠦᠷᠢᠯᠡᠬᠦ ᠪᠢᠲᠡᠭᠦᠦ ᠴᠠᠭᠠᠷᠢᠭ ᠢ ᠪᠦᠷᠢᠯᠳᠦᠭᠦᠯᠬᠦ ᠬᠡᠷᠡᠭᠲᠡᠢ᠂ ᠬᠠᠶᠢᠷᠤᠪ ᠤᠨ ᠲᠤᠬᠤᠢ ᠲᠣᠭᠤᠷᠢᠭ ᠤᠨ ᠬᠢᠨ ᠠᠶᠤᠯᠭᠦᠢ ᠦᠢᠯᠡᠳᠪᠦᠷᠢᠯᠡᠯ᠂ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠡᠷᠡᠰ ᠭᠤᠶᠢᠪᠢᠰᠢ ᠦᠭᠡᠢ ᠰᠠᠶᠢᠲᠤᠷ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠰᠢᠮᠳᠠᠭᠤᠯᠤᠨ ᠪᠠᠶᠢᠴᠠᠭᠠᠬᠤ ᠲᠦᠷᠢᠮ ᠢ ᠴᠢᠨᠠᠭᠰᠢᠳᠠ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠰᠢᠨᠵᠢᠯᠡᠬᠦ ᠤᠬᠠᠭᠠᠨᠴᠢ ᠬᠠᠮᠢᠶᠠᠷᠤᠯᠲᠠ ᠶᠢᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠢ ᠭᠡᠵᠤ ᠬᠡᠯᠡᠪᠡ᠃      
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号