ᠡᠮᠦᠨᠡᠲᠦ ᠬᠡᠰᠡᠭ ᠤᠨ ᠬᠤᠲᠠ ᠲᠣᠭᠤᠷᠢᠭ ᠤᠨ ᠠᠷᠠᠳ ᠤᠨ ᠠᠮᠢᠳᠤᠷᠠᠯ ᠤᠨ ᠰᠢᠰᠲ᠋ᠧᠮ ᠤᠨ ᠥᠭᠡᠷᠡᠴᠢᠯᠡᠯᠲᠡ ᠶᠢᠨ ᠲᠥᠷᠥᠯ ᠵᠦᠢᠯ ᠢ ᠪᠦᠬᠦ ᠬᠦᠴᠦᠨ ᠢᠶᠠᠷ ᠠᠬᠢᠭᠤᠯᠤᠨ᠎ᠠ
ᠨᠡᠶᠢᠲᠡᠯᠡᠭᠰᠡᠨ ᠴᠠᠭ᠄
2024/5/30
    ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠡᠮᠦᠨ᠎ᠡ ᠬᠡᠰᠡᠭ ᠤᠨ ᠬᠤᠳᠠ ᠲᠣᠭᠤᠷᠢᠭ ᠤᠨ ᠠᠷᠠᠳ ᠤᠨ ᠠᠮᠢᠳᠤᠷᠠᠯ ᠤᠨ ᠰᠢᠰᠲ᠋ᠧᠮ ᠢ ᠥᠭᠡᠷᠡᠴᠢᠯᠡᠨ ᠪᠠᠶᠢᠭᠤᠯᠬᠤ ᠲᠦᠷᠦᠯ ᠵᠦᠢᠯ ᠤᠨ ᠲᠦᠷᠭᠡᠨ ᠵᠠᠮ ᠤᠨ ᠠᠭᠤᠯᠵᠠᠷ ᠤᠨ ᠲᠤᠰᠤ ᠳᠡᠪᠢᠰᠬᠦ ᠠᠵᠢᠯ ᠶᠠᠭ ᠶᠠᠭᠠᠷᠠᠯᠲᠠᠢ ᠶᠠᠪᠤᠭᠳᠠᠵᠤ ᠪᠠᠶᠢᠨ᠎ᠠ᠂ ᠵᠢᠱᠢᠯᠲᠡ ᠪᠠᠷ 5 ᠰᠠᠷ᠎ᠠ ᠶᠢᠨ ᠰᠡᠭᠦᠯᠴᠢ ᠪᠠᠷ ᠲᠤᠰᠤ ᠳᠡᠪᠢᠰᠴᠦ ᠳᠠᠭᠤᠰᠤᠨ᠎ᠠ᠃ ᠡᠨᠡ ᠨᠢ ᠡᠮᠦᠨ᠎ᠡ ᠬᠡᠰᠡᠭ ᠤᠨ ᠬᠤᠲᠠ ᠲᠣᠭᠤᠷᠢᠭ ᠤᠨ ᠪᠦᠬᠦᠶᠢᠯᠡ ᠴᠣᠭᠴᠠ ᠶᠢᠨ ᠵᠠᠮ ᠢ ᠰᠠᠶᠢᠵᠢᠷᠠᠭᠤᠯᠬᠤ ᠬᠠᠮᠤᠭ ᠤᠨ ᠴᠢᠬᠤᠯᠠ ᠭᠤᠭᠴᠤᠭ᠎ᠠ ᠪᠣᠯᠤᠨ᠎ᠠ᠃ ︽ᠬᠤᠲᠠ ᠶᠢᠨ ᠴᠣᠩᠬᠤ︾ ᠪᠣᠯᠤᠭᠰᠠᠨ ᠤ ᠬᠤᠪᠢ ᠳᠤ᠂ ᠳᠡᠭᠡᠳᠦ ᠬᠤᠷᠳᠤᠴᠠ ᠶᠢᠨ ᠵᠠᠰᠠᠮᠠᠯ ᠵᠠᠮ ᠤᠨ ᠣᠷᠣᠵᠤ ᠭᠠᠷᠬᠤ ᠭᠠᠵᠠᠷ ᠨᠢ ᠵᠢᠭᠤᠯᠴᠢᠯᠠᠭᠴᠢᠳ ᠢ ᠬᠦᠯᠢᠶᠡᠨ ᠠᠪᠬᠤ᠂ ᠬᠤᠲᠠ ᠶᠢᠨ ᠠᠷᠠᠳ ᠲᠤ ᠦᠢᠯᠡᠴᠢᠯᠡᠬᠦ᠂ ᠬᠤᠲᠠ ᠶᠢᠨ ᠳᠦᠷᠢ ᠲᠥᠷᠬᠦ ᠶᠢ ᠳᠡᠯᠭᠡᠨ ᠦᠵᠡᠭᠦᠯᠬᠦ ᠵᠡᠷᠭᠡ ᠴᠢᠳᠠᠮᠵᠢ ᠶᠢ ᠠᠴᠢᠶᠠᠯᠠᠵᠤ ᠪᠠᠶᠢᠳᠠᠭ᠃ ᠠᠵᠢᠯ ᠢᠶᠠᠨ ᠳᠠᠭᠤᠰᠬᠠᠭᠰᠠᠨ ᠤ ᠳᠠᠷᠠᠭ᠎ᠠ ᠵᠠᠮ ᠬᠠᠷᠢᠯᠴᠠᠭᠠᠨ ᠤ ᠡᠮᠬᠢ ᠳᠢᠭᠯᠢᠮ ᠢ ᠶᠡᠬᠡᠪᠡᠷ ᠰᠠᠶᠢᠵᠢᠷᠠᠭᠤᠯᠵᠤ᠂ ᠬᠤᠲᠠ ᠶᠢᠨ ᠠᠷᠠᠳ ᠤᠨ ᠶᠠᠪᠤᠵᠤ ᠰᠠᠭᠤᠬᠤ ᠨᠥᠬᠦᠴᠡᠯ ᠢ ᠳᠡᠭᠡᠭᠰᠢᠯᠡᠭᠦᠯᠦᠨ᠂ ᠬᠠᠶᠢᠷᠤᠪ ᠤᠨ ᠲᠣᠬᠤᠢ ᠲᠣᠭᠤᠷᠢᠭ ᠤᠨ ᠡᠮᠦᠨᠡᠲᠦ ᠬᠡᠰᠡᠭ ᠤᠨ ᠬᠤᠲᠠ ᠲᠣᠭᠤᠷᠢᠭ ᠤᠨ ᠪᠦᠬᠦᠯᠢ ᠴᠣᠭᠴᠠ ᠶᠢᠨ ᠳᠦᠷᠰᠦ ᠪᠠᠶᠢᠳᠠᠯ ᠪᠠ ᠠᠷᠠᠳ ᠤᠨ ᠠᠮᠢᠳᠤᠷᠠᠯ ᠤᠨ ᠴᠢᠳᠠᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃
   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号