ᠠᠵᠤ ᠠᠬᠤᠶᠢᠯᠠᠯ ᠤᠨ ᠬᠠᠮᠵᠢᠯᠴᠠᠨ ᠬᠥᠭᠵᠢᠬᠦ ᠳᠤ ᠬᠦᠴᠦ ᠪᠠᠨ ᠬᠠᠮᠲᠤᠳᠬᠠᠶ᠎ᠠ︕ ᠬᠠᠶᠢᠷᠤᠪ ᠤᠨ ᠲᠤᠬᠤᠢ ᠲᠣᠭᠤᠷᠢᠭ ᠤᠨ ᠳᠣᠲᠣᠨᠣ ᠴᠢᠬᠡᠴᠢ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/5/30
    5 ᠰᠠᠷ᠎ᠠ ᠶᠢᠨ 29᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠨᠡᠭᠦᠷᠡᠰᠦ ᠬᠡᠦᠷᠰᠦ ᠪᠤᠯᠤᠳ ᠬᠠᠩᠭᠠᠯᠭ᠎ᠠ ᠶᠢᠨ ᠬᠡᠯᠬᠢᠶ᠎ᠡ ᠶᠢᠨ ᠬᠠᠮᠵᠢᠯᠴᠠᠨ ᠬᠥᠭᠵᠢᠬᠦ ᠶᠠᠷᠢᠯᠴᠠᠬᠤ ᠬᠤᠷᠠᠯ ᠵᠢᠴᠢ ᠭᠤᠷᠪᠠᠳᠤᠭᠠᠷ ᠬᠤᠭᠤᠴᠠᠭᠠᠨ ᠤ ︽ᠰᠡᠳᠬᠢᠯ ᠨᠢᠭᠡᠳᠦᠨ ᠦᠵᠡᠰᠬᠦᠯᠡᠩᠲᠦ ᠰᠠᠶᠢᠬᠠᠨ ᠦᠬᠠᠢ ᠬᠤᠳᠠ ᠶᠢᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠳᠤ ᠬᠦᠴᠦ ᠪᠠᠨ ᠨᠡᠮᠡᠷᠢᠯᠡᠶ᠎ᠡ︾ ᠭᠡᠬᠦ ᠳᠣᠲᠣᠨᠣ ᠴᠢᠬᠡᠴᠢ ᠶᠠᠷᠢᠯᠴᠠᠬᠤ ᠬᠤᠷᠠᠯ ᠬᠤᠷᠠᠯᠳᠤᠪᠠ᠃ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠦᠨ ᠬᠤᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃    ᠬᠤᠷᠠᠯ ᠠᠴᠠ ︽ᠦᠨᠡᠨ︾ ᠰᠡᠳᠬᠦᠯ ᠤᠨ ᠶᠡᠷᠦᠩᠬᠡᠢ ᠱᠦᠵᠢ ᠰᠢ ᠶᠢᠨ ᠫᠢᠩ ᠤᠨ ︽ᠥᠭᠡᠷᠡᠴᠢᠯᠡᠯᠲᠡ ᠨᠡᠭᠡᠭᠡᠯᠳᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠦᠷᠭᠦᠯᠵᠢᠯᠡᠨ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠶ᠎ᠡ︾ ᠭᠡᠬᠦ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠪᠠ︔ ᠡᠯ᠎ᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠡᠭᠦᠷᠡᠰᠦ ᠬᠡᠦᠷᠰᠢᠭᠦᠯᠦᠭᠰᠡᠨ ᠪᠤᠯᠤᠳ ᠲᠡᠮᠦᠷ ᠤᠨ ᠬᠠᠩᠭᠠᠯᠭ᠎ᠠ ᠶᠢᠨ ᠬᠡᠯᠬᠢᠶ᠎ᠡ ᠶᠢᠨ ᠳᠡᠭᠡᠳᠦ ᠳᠤᠤᠷᠠᠳᠤ ᠤᠷᠤᠰᠬᠠᠯ ᠤᠨ ᠬᠠᠮᠵᠢᠯᠴᠠᠭᠰᠠᠨ ᠠᠰᠠᠭᠤᠳᠠᠯ ᠤᠨ ᠲᠣᠭᠤᠷᠢᠨ ᠳᠤ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠪᠠ᠃    ᠰᠦᠨ ᠬᠤᠤ᠂ ᠡᠯ᠎ᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠠᠷᠢᠯᠴᠠᠨ ᠨᠥᠬᠦᠪᠥᠷᠢᠯᠡᠬᠦ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠲᠠᠢ ᠤᠨᠢᠨ ᠳᠡᠭᠡᠷ᠎ᠡ ᠨᠢ ᠵᠣᠯᠭᠠᠭᠤᠯᠵᠤ᠂ ᠨᠡᠭᠦᠷᠡᠰᠦ ᠬᠡᠤᠷᠡᠰᠦ ᠶᠢᠨ ᠪᠤᠯᠤᠳ ᠲᠡᠮᠦᠷ ᠤᠨ ᠬᠠᠩᠭᠠᠯᠭ᠎ᠠ ᠶᠢᠨ ᠬᠡᠯᠬᠢᠶ᠎ᠡ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠵᠤ᠂ ᠲᠦᠷᠦᠯ ᠲᠡᠮᠳᠡᠭ ᠤᠨ ᠬᠦᠴᠦᠨ ᠪᠣᠯᠤᠨ ᠵᠠᠬ᠎ᠠ ᠳᠡᠯᠭᠡᠭᠦᠷ ᠤᠨ ᠦᠷᠢᠰᠦᠯᠳᠦᠬᠦ ᠬᠦᠴᠦᠨ ᠢ ᠴᠢᠩᠭᠠᠳᠬᠠᠵᠤ᠂ ᠨᠡᠭᠦᠷᠡᠰᠦ ᠬᠡᠤᠷᠡᠰᠦ ᠶᠢᠨ ᠪᠤᠯᠤᠳ ᠲᠡᠮᠦᠷ ᠤᠨ ᠬᠠᠩᠭᠠᠯᠭ᠎ᠠ ᠶᠢᠨ ᠬᠡᠯᠬᠢᠶ᠎ᠡ ᠶᠢᠨ ᠳᠡᠭᠡᠳᠦ ᠳᠤᠤᠷᠠᠳᠤ ᠤᠷᠤᠰᠬᠠᠯ ᠤᠨ ᠰᠠᠶᠢᠨ ᠦᠢᠯᠡᠳᠦᠯᠴᠡᠨ ᠬᠥᠭᠵᠢᠬᠦ ᠰᠢᠨ᠎ᠡ ᠪᠠᠶᠢᠳᠠᠯ ᠢ ᠬᠦᠴᠦ ᠪᠠᠨ ᠬᠠᠮᠲᠤᠳᠬᠠᠨ ᠡᠭᠦᠳᠬᠦ ᠬᠡᠷᠡᠭᠲᠡᠢ᠃ ᠬᠠᠶᠢᠷᠤᠪ ᠤᠨ ᠲᠤᠬᠤᠢ ᠲᠣᠭᠤᠷᠢᠭ ᠤᠨ ᠬᠢᠨ ᠲᠤᠰ ᠤᠳᠠᠭ᠎ᠠ ᠶᠢᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠤᠯᠠᠨ ᠲᠠᠢ ᠭᠠᠷ ᠬᠤᠯᠪᠣᠨ ᠮᠥᠷᠥ ᠵᠡᠷᠭᠡᠴᠡᠵᠦ᠂ ᠬᠠᠮᠲᠤᠪᠠᠷ ᠴᠢᠷᠮᠠᠶᠢᠵᠤ᠂ ᠢᠲᠡᠭᠡᠯᠴᠡᠭᠡ ᠪᠠᠨ ᠨᠡᠮᠡᠭᠳᠡᠭᠦᠯᠵᠦ᠂ ᠬᠠᠮᠲᠤᠷᠠᠯᠴᠠᠭᠠᠨ ᠤ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠲᠦᠷᠦᠯ ᠲᠡᠮᠳᠡᠭ ᠤᠨ ᠳᠠᠪᠠᠭᠤᠯᠢᠭ ᠢᠶᠠᠨ ᠪᠠᠬᠢᠵᠢᠭᠦᠯᠵᠦ᠂ ᠬᠥᠭᠵᠢᠯᠲᠡ ᠶᠢᠨ ᠣᠷᠣᠨ ᠵᠠᠢ ᠶᠢ ᠨᠡᠭᠡᠭᠡᠵᠦ᠂ ᠨᠡᠭᠦᠷᠡᠰᠦ ᠬᠡᠦᠷᠰᠢᠭᠦᠯᠬᠦ ᠪᠤᠯᠤᠳ ᠲᠡᠮᠦᠷ ᠤᠨ ᠵᠠᠬ᠎ᠠ ᠳᠡᠯᠭᠡᠭᠦᠷ ᠤᠨ ᠲᠣᠭᠲᠠᠭᠤᠨ ᠡᠷᠭᠢᠯᠲᠡ ᠶᠢ ᠬᠠᠮᠲᠤᠪᠠᠷ ᠬᠠᠮᠠᠭᠠᠯᠠᠵᠤ᠂ ᠬᠡᠦᠷᠰᠢᠭᠦᠯᠬᠦ ᠪᠤᠯᠤᠳ ᠲᠡᠮᠦᠷ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠠᠮᠢ ᠠᠬᠤᠢ ᠶᠢᠨ ᠬᠦᠷᠢᠶ᠎ᠡ ᠶᠢ ᠪᠦᠬᠦ ᠬᠦᠴᠦᠨ ᠢᠶᠠᠷ ᠢᠶᠠᠨ  ᠪᠠᠶᠢᠭᠤᠯᠬᠤ ᠬᠡᠷᠡᠭᠲᠡᠢ ᠭᠡᠵᠤ ᠬᠡᠯᠡᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号