ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠲᠤᠰᠬᠠᠶ ᠰᠡᠳᠦᠪᠲᠦ ᠬᠤᠷᠠᠯ ᠬᠤᠷᠠᠯᠳᠤᠭᠤᠯᠪᠠ᠄ ᠰᠡᠷᠡᠮᠵᠢᠯᠡᠭᠦᠯᠬᠦ ᠬᠥᠮᠦᠵᠢᠯ ᠢᠶᠠᠷ ᠬᠥᠲᠥᠯᠥᠨ ᠳᠠᠭᠠᠭᠤᠯᠵᠤ᠂ ᠠᠮᠤᠷ ᠲᠦᠪᠰᠢᠨ ᠤ ᠠᠵᠢᠯ ᠢ ᠳᠠᠬᠢᠨ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2024/5/30
    ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠦᠬᠠᠶ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠵᠢᠴᠢ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠤᠨ ᠲᠤᠬᠠᠶ ᠵᠢᠭᠠᠪᠤᠷᠢ ᠶᠢᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ 5 ᠰᠠᠷ᠎ᠠ ᠶᠢᠨ 28᠎ ᠤ ᠡᠳᠦᠷ᠂ ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠪᠥᠬᠦ ᠲᠤᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠵᠢᠴᠢ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠤᠨ ᠲᠤᠰᠬᠠᠶ ᠰᠡᠳᠦᠪᠲᠦ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠤᠳᠤᠷᠢᠳᠬᠤ ᠪᠠᠭ᠂ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠱᠦᠵᠢ᠂ ᠰᠤᠷᠭᠠᠭᠤᠯᠢ ᠶᠢᠨ ᠵᠠᠬᠢᠷᠤᠯ ᠵᠢᠴᠢ ᠡᠯ᠎ᠡ ᠬᠡᠤᠬᠡᠳ ᠤᠨ ᠴᠡᠴᠡᠷᠯᠢᠭ ᠤᠨ ᠳᠠᠷᠤᠭ᠎ᠠ ᠲᠣᠰ ᠤᠳᠠᠭᠠᠨ ᠤ ᠬᠤᠷᠠᠯ ᠳᠤ ᠣᠷᠣᠯᠴᠠᠪᠠ᠃
33313_700x700.png   
    ᠬᠤᠷᠠᠯ ᠳᠡᠭᠡᠷ᠎ᠡ᠂ ᠲᠤᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠦᠬᠠᠶ ᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠭᠰᠠᠨ ᠪᠥᠭᠡᠳ ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ ᠤᠨ ︽︿ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠬᠦᠷᠢᠶᠡᠨ ᠤ ᠬᠦᠴᠦᠷᠬᠡᠭᠯᠡᠯ ᠤᠨ ᠰᠤᠷᠤᠭᠴᠢᠳ ᠤᠨ ᠳᠣᠷᠣᠮᠵᠢᠯᠠᠯ ᠢ ᠰᠡᠷᠭᠡᠶᠢᠯᠡᠨ ᠵᠠᠰᠠᠬᠤ ᠲᠤᠰᠬᠠᠶ ᠠᠵᠢᠯᠯᠠᠭ᠎ᠠ ᠶᠢᠨ ︿ᠠᠷᠪᠠᠨ ᠱᠠᠭᠠᠷᠳᠠᠯᠭ᠎ᠠ﹀᠎ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ᠵᠢᠴᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ︽︿2024 ᠣᠨ ᠤ ᠪᠥᠬᠦ ᠣᠷᠣᠨ ᠤ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠭᠤᠤᠯᠳᠠᠯᠭ᠎ᠠ ᠲᠠᠢ ᠠᠵᠢᠯ ᠢ ᠨᠠᠶᠢᠳᠠᠪᠤᠷᠢᠵᠢᠭᠤᠯᠬᠤ ᠲᠥᠰᠦᠯ﹀᠎ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ᠵᠡᠷᠭᠡ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠬᠠᠮᠲᠤ ᠪᠠᠷ ᠰᠤᠷᠤᠯᠴᠠᠵᠤ᠂ ᠡᠮᠦᠨ᠎ᠡ ᠨᠢᠭᠡ ᠱᠠᠲᠤᠨ ᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠳᠠᠯᠳᠠ ᠬᠡᠮ ᠢ ᠵᠠᠳᠠᠯᠤᠨ ᠳ᠋ᠦᠩᠨᠡᠭᠰᠡᠨ ᠰᠠᠭᠤᠷᠢᠨ ᠳᠡᠭᠡᠷ᠎ᠡ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠳᠤ ᠪᠥᠬᠦ ᠲᠠᠯ᠎ᠠ ᠶᠢᠨ ᠪᠠᠶᠢᠷᠢᠯᠠᠭᠤᠯᠤᠯᠲᠠ ᠬᠢᠪᠠ᠃
33314_700x700.png   
    ᠬᠤᠷᠠᠯ ᠠᠴᠠ᠂ ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠭᠤᠣᠯᠳᠠᠯᠭ᠎ᠠ ᠲᠠᠢ ᠠᠵᠢᠯ ᠤᠨ ︽ᠵᠢᠷᠭᠤᠭᠠᠨ ᠵᠦᠢᠯ ᠤᠨ ᠭᠤᠣᠯ ᠡᠭᠦᠷᠭᠡ︾᠎ ᠪᠠᠷ ᠭᠠᠷᠳᠠᠴᠠ ᠪᠣᠯᠭᠠᠵᠤ᠂ ᠢᠳᠡᠭᠡᠨ ᠤ ᠠᠮᠤᠷ ᠲᠦᠪᠰᠢᠨ ᠪᠠ ᠢᠳᠡᠭᠡᠨ ᠤᠮᠳᠠᠭᠠᠨ ᠤ ᠵᠠᠷᠤᠳᠠᠯ ᠤᠨ ᠬᠠᠮᠢᠶᠠᠷᠤᠯᠲᠠ ᠶᠢᠨ ᠠᠵᠢᠯ ᠤᠨ ᠱᠠᠭᠠᠷᠳᠠᠯᠭ᠎ᠠ ᠶᠢᠨ ᠲᠣᠭᠤᠷᠢᠨ ᠳᠤ᠂ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠤ ᠰᠤᠷᠭᠠᠭᠤᠯᠢ ᠶᠢᠨ ᠵᠠᠬᠢᠷᠤᠯ ︵ᠴᠡᠴᠡᠷᠯᠢᠭ ᠤᠨ ᠳᠠᠷᠤᠭ᠎ᠠ︶᠎ ᠤᠨ ᠬᠠᠷᠢᠭᠤᠴᠠᠯᠭ᠎ᠠ ᠶᠢᠨ ᠲᠦᠷᠢᠮ᠂ ︽ᠢᠨᠲ᠋ᠧᠷ ᠰᠦᠯᠵᠢᠶᠡᠨ +ᠢᠯᠡ ᠲᠣᠭᠤᠭ᠎ᠠ︾᠎ ᠶᠢᠨ ᠣᠶᠤᠨᠴᠢ ᠬᠠᠮᠢᠶᠠᠷᠤᠯᠲᠠ ᠶᠢᠨ ᠵᠠᠭᠪᠤᠷ᠂ ᠬᠤᠭᠤᠯᠠ ᠬᠠᠩᠭᠠᠬᠤ ᠨᠢᠭᠡᠴᠡ ᠶᠢ ᠳᠠᠭᠠᠭᠠᠴᠢᠯᠠᠬᠤ ᠪᠤᠶᠤ ᠨᠠᠶᠢᠳᠠᠵᠤ ᠬᠠᠮᠢᠶᠠᠷᠤᠭᠤᠯᠬᠤ᠂ ᠢᠳᠡᠭᠡᠨ ᠤ ᠠᠮᠤᠷ ᠲᠦᠪᠰᠢᠨ ᠤ ᠲᠦᠷᠢᠮ ᠤᠨ ᠪᠠᠶᠢᠭᠤᠯᠤᠯᠲᠠ᠂ ︽ᠰᠤᠷᠭᠠᠭᠤᠯᠢ ᠶᠢᠨ ᠬᠦᠷᠢᠶᠡᠨ ᠤ ᠬᠤᠭᠤᠯᠠ︾ ᠪᠠ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠲᠤᠰᠬᠠᠢ ᠴᠡᠭᠴᠡᠯᠡᠨ ᠵᠠᠰᠠᠬᠤ᠂ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠵᠡᠷᠭᠡ 6 ᠵᠦᠢᠯ ᠤᠨ ᠭᠤᠣᠯᠳᠠᠯᠭ᠎ᠠ ᠲᠠᠢ ᠠᠵᠢᠯ ᠢ ᠨᠠᠷᠢᠨ ᠨᠢᠮᠪᠠᠢ ᠨᠠᠶᠢᠳᠠᠪᠤᠷᠢᠵᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃
33315_700x700.png   
    ᠬᠤᠷᠠᠯ ᠠᠴᠠ ᠱᠠᠭᠠᠷᠳᠠᠭᠰᠠᠨ ᠨᠢ᠂ ᠡᠯ᠎ᠡ ᠰᠤᠷᠭᠠᠭᠤᠯᠢ ︵ᠴᠡᠴᠡᠷᠯᠢᠭ︶ ︽ᠠᠶᠤᠯᠭᠦᠢ ᠦᠢᠯᠡᠳᠪᠦᠷᠢᠯᠡᠯ ᠤᠨ ᠰᠠᠷ᠎ᠠ︾᠎ ᠪᠠᠷ ᠠᠵᠠ ᠲᠣᠬᠢᠶᠠᠯ ᠪᠣᠯᠭᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ᠂ ᠠᠮᠤᠷ ᠲᠦᠪᠰᠢᠨ ᠤ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠬᠦ ᠬᠡᠷᠡᠭᠲᠡᠢ᠃ ᠨᠢᠭᠡ ᠳᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠤᠨ ᠴᠢᠬᠤᠯᠠ ᠴᠢᠨᠠᠷ ᠢ ᠲᠣᠳᠣᠷᠬᠠᠢ ᠲᠠᠨᠢᠵᠤ᠂ ︽ᠠᠮᠤᠷ ᠲᠦᠪᠰᠢᠨ ᠢ ᠲᠡᠷᠢᠭᠦᠨ ᠳᠤ ᠲᠠᠯᠪᠢᠵᠤ᠂ ᠰᠡᠷᠭᠡᠶᠢᠯᠡᠬᠦ ᠪᠠᠷ ᠭᠤᠣᠯ ᠪᠣᠯᠭᠠᠬᠤ︾᠎ ᠪᠠᠷ ᠠᠵᠢᠯ ᠤᠨ ᠪᠠᠷᠢᠮᠵᠢᠶ᠎ᠠ ᠪᠣᠯᠭᠠᠵᠤ᠂ ᠮᠢᠨᠴᠦᠭᠦᠷᠡᠨ ᠲᠠᠶᠢᠪᠤᠰᠢᠷᠠᠬᠤ ᠦᠵᠡᠯ ᠰᠠᠨᠠᠭ᠎ᠠ ᠶᠢ ᠡᠷᠡᠰ ᠲᠡᠪᠴᠢᠵᠦ᠂ ᠴᠥᠬᠦᠷᠡᠰᠢ ᠦᠭᠡᠢ ᠪᠠᠶᠢᠩᠭᠤ ᠠᠳᠬᠤᠬᠤ ᠬᠡᠷᠡᠭᠲᠡᠢ᠃ ᠬᠤᠶᠠᠷ ᠲᠤ᠂ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ︽ᠪᠦᠬᠦᠨ ᠢ ᠬᠠᠮᠤᠷᠬᠤ᠂ ᠬᠡᠪᠢᠰ ᠮᠠᠶ᠋ᠢᠭ ᠤᠨ᠂ ᠨᠠᠷᠢᠨ ᠲᠠᠩᠰᠠ ᠶᠢᠨ ᠬᠡᠯᠪᠡᠷᠢ︾᠎ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠬᠡᠷᠡᠭᠵᠢᠭᠦᠯᠬᠦ ᠶᠢᠨ ᠬᠠᠮᠲᠤ ᠭᠠᠳᠠᠨ᠎ᠠ ᠠᠴᠠ ᠢᠷᠡᠭᠰᠡᠨ ᠬᠥᠮᠦᠰ ᠤᠨ ᠰᠤᠷᠭᠠᠭᠤᠯᠢ ᠶᠢᠨ ᠬᠦᠷᠢᠶᠡᠨ ᠳᠤ ᠣᠷᠣᠵᠤ ᠭᠠᠷᠬᠤ ᠬᠠᠮᠢᠶᠠᠷᠤᠯᠲᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠪᠡ᠃ ᠭᠤᠷᠪᠠ ᠳᠤ᠂ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠤᠰᠤᠨ ᠳᠤ ᠵᠢᠪᠬᠦ ᠶᠢ ᠰᠡᠷᠭᠡᠶᠢᠯᠡᠬᠦ᠂ ᠳᠣᠷᠣᠮᠵᠢᠯᠠᠯ ᠢ ᠰᠡᠷᠭᠡᠶᠢᠯᠡᠬᠦ᠂ ᠭᠠᠯ ᠤᠨᠲᠠᠷᠠᠭᠠᠬᠤ ᠵᠡᠷᠭᠡ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠵᠦ᠂ ᠪᠠᠭᠰᠢ ᠰᠤᠷᠤᠭᠴᠢᠳ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠪᠣᠯᠤᠨ ᠥᠪᠡᠷ ᠢ ᠪᠠᠨ ᠠᠪᠤᠷᠠᠬᠤ ᠥᠪᠡᠰᠦᠪᠡᠨ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠰᠤᠷᠭᠠᠨ ᠬᠥᠮᠦᠵᠢᠯ ᠤᠨ ᠰᠢᠰᠲ᠋ᠧᠮ ᠤᠨ ᠠᠮᠤᠷ ᠲᠦᠪᠰᠢᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠤ ᠱᠠᠭᠠᠷᠳᠠᠪᠠ ᠃    ᠬᠤᠷᠠᠯ ᠠᠴᠠ ᠪᠠᠰᠠ ᠰᠤᠷᠭᠠᠨ ᠬᠥᠮᠦᠵᠢᠯ ᠤᠨ ᠰᠢᠰᠲ᠋ᠧᠮ ᠤᠨ ᠲᠦᠷᠢᠮ ᠲᠣᠭᠲᠠᠭᠠᠯ ᠰᠠᠬᠢᠯᠭ᠎ᠠ ᠪᠠᠲᠤ ᠶᠢ ᠵᠥᠷᠢᠴᠡᠭᠰᠡᠨ ᠨᠡᠶᠢᠲᠡᠯᠢᠭ ᠬᠡᠷᠡᠭ ᠲᠤ ᠴᠢᠭᠯᠡᠭᠦᠯᠦᠨ ᠰᠡᠷᠡᠮᠵᠢᠯᠡᠭᠦᠯᠬᠦ ᠬᠥᠮᠦᠵᠢᠯ ᠬᠢᠵᠦ᠂ ᠡᠰᠡᠷᠭᠦ ᠲᠠᠯ᠎ᠠ ᠶᠢᠨ ᠬᠡᠷᠡᠭ ᠤᠨ ᠵᠢᠱᠢᠶ᠎ᠡ ᠶᠢ ᠵᠠᠳᠠᠯᠵᠤ᠂ ᠰᠡᠷᠡᠮᠵᠢᠯᠡᠭᠦᠯᠬᠦ ᠤᠶᠢᠯᠡᠳᠤᠯ ᠢ ᠪᠠᠳᠠᠷᠠᠭᠤᠯᠤᠨ᠂ ᠶᠣᠰᠣ ᠲᠦᠷᠢᠮ ᠢ ᠡᠷᠬᠢᠮᠯᠡᠬᠦ᠂ ᠰᠠᠬᠢᠯᠭ᠎ᠠ ᠪᠠᠲᠤ ᠶᠢ ᠰᠠᠬᠢᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠪᠠᠷ ᠴᠢᠷᠮᠠᠶᠢᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号