ᠬᠠᠶᠢᠷᠤᠪ ᠤᠨ ᠲᠤᠬᠤᠢ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 120 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠵᠢᠴᠢ ᠲᠤᠭᠤᠷᠢᠭ ᠤᠨ ᠨᠠᠮ ᠤᠨ ᠬᠤᠷᠢᠶᠠᠨ ᠤ ᠬᠢᠨᠠᠯᠲᠠ ᠲᠠᠯᠪᠢᠬᠤ ᠶᠢ ᠨᠡᠪᠲᠡᠷᠡᠯᠴᠡᠭᠦᠯᠦᠨ ᠵᠣᠬᠢᠴᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ 2 ᠳ᠋ᠤᠭᠠᠷ ᠤᠳᠠᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/5/6
    ᠣᠶᠢᠷ᠎ᠠ ᠳᠤ᠂ ᠬᠠᠶᠢᠷᠤᠪ ᠤᠨ ᠲᠣᠬᠤᠶ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 120 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠵᠢᠴᠢ ᠲᠤᠭᠤᠷᠢᠭ ᠤᠨ ᠨᠠᠮ ᠤᠨ ᠬᠤᠷᠢᠶᠠᠨ ᠤ ᠬᠢᠨᠠᠯᠲᠠ ᠲᠠᠯᠪᠢᠬᠤ ᠶᠢ ᠨᠡᠪᠲᠡᠷᠡᠯᠴᠡᠭᠦᠯᠦᠨ ᠵᠣᠬᠢᠴᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ 2 ᠳ᠋ᠤᠭᠠᠷ ᠤᠳᠠᠭ᠎ᠠ ᠶᠢᠨ ᠬᠤᠷᠠᠯ᠂ ᠲᠤᠭᠤᠷᠢᠭ ᠤᠨ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ 16 ᠳ᠋ᠤᠭᠠᠷ ᠤᠳᠠᠭ᠎ᠠ ᠶᠢᠨ ᠬᠤᠷᠠᠯ᠂ ᠲᠤᠭᠤᠷᠢᠭ ᠤᠨ ᠨᠠᠮ ᠤᠨ ᠬᠤᠷᠢᠶᠠᠨ ᠤ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠵᠥᠪᠯᠡᠯ ᠤᠨ 6 ᠳ᠋ᠤᠭᠠᠷ ᠤᠳᠠᠭ᠎ᠠ ᠶᠢᠨ ᠬᠤᠷᠠᠯ ᠬᠤᠷᠠᠯᠳᠤᠪᠠ᠃ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠦᠨ ᠬᠤᠤ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃    ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠴᠦᠩᠴᠢᠩ ᠳᠤ ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠰᠢᠨ᠎ᠡ ᠴᠠᠭ ᠦᠶ᠎ᠡ ᠶᠢᠨ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠬᠤᠯᠪᠣᠭᠳᠠᠯ ᠪᠥᠬᠦᠶ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠡᠷᠭᠡ ᠠᠭᠤᠯᠭ᠎ᠠ ᠶᠢ ᠤᠯᠠᠮᠵᠢᠯᠠᠨ ᠰᠤᠷᠤᠯᠴᠠᠪᠠ︔ ᠨᠢᠭᠡᠳᠦᠭᠡᠷ ᠤᠯᠠᠷᠢᠯ ᠤᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠤᠨ ᠬᠤᠯᠪᠣᠭᠳᠠᠯ ᠪᠥᠬᠦᠶ ᠤᠴᠢᠷ ᠶᠠᠪᠤᠳᠠᠯ᠂ ᠲᠤᠭᠤᠷᠢᠭ ᠤᠨ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠵᠥᠪᠯᠡᠯ ᠤᠨ ᠠᠵᠢᠯ ᠤᠨ ᠬᠤᠯᠪᠣᠭᠳᠠᠯ ᠪᠥᠬᠦᠶ ᠤᠴᠢᠷ ᠶᠠᠪᠤᠳᠠᠯ ᠵᠡᠷᠭᠡ ᠠᠭᠤᠯᠭ᠎ᠠ ᠶᠢ ᠰᠤᠳᠤᠯᠪᠠ︔ ᠲᠤᠭᠤᠷᠢᠭ ᠤᠨ ᠵᠠᠰᠠᠭ ᠤᠨ ᠣᠷᠳᠣᠨ ᠤ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾᠎ ᠢ ᠠᠬᠢᠭᠤᠯᠤᠭᠰᠠᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ᠂ ᠪᠥᠬᠦ ᠲᠤᠭᠤᠷᠢᠭ ᠤᠨ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷᠴᠤᠳ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠵᠡᠷᠭᠡ ᠠᠭᠤᠯᠭ᠎ᠠ ᠶᠢ ᠰᠣᠨᠣᠰᠪᠠ︔ ︽ᠬᠠᠶᠢᠷᠤᠪ ᠤᠨ ᠲᠣᠬᠤᠢ ᠲᠣᠭᠤᠷᠢᠭ ᠤᠨ ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠤᠨ ᠠᠵᠢᠯᠲᠠᠨ ᠤ ᠲᠤᠭ᠎ᠠ ᠶᠢᠨ ᠠᠵᠢᠯᠲᠠᠨ ᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ ︵ᠬᠦᠷᠭᠡᠨ ᠬᠢᠨᠠᠭᠤᠯᠬᠤ ᠨᠣᠤᠷᠠᠭ︶︾ ᠵᠡᠷᠭᠡ ᠠᠭᠤᠯᠭ᠎ᠠ ᠶᠢ ᠰᠤᠳᠤᠯᠤᠨ ᠬᠢᠨᠠᠨ ᠵᠥᠪᠯᠡᠪᠡ᠃ ᠡᠭᠦᠨ ᠤ ᠬᠠᠮᠲᠤ ᠬᠠᠶᠢᠷᠤᠪ ᠤᠨ ᠲᠤᠬᠤᠢ ᠲᠣᠭᠤᠷᠢᠭ ᠤᠨ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠰᠦᠨ ᠬᠤᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠡᠴᠢ ᠶᠢᠨ ᠬᠢᠨ ᠪᠥᠬᠦ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠵᠤ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠡᠳᠬᠡᠨ ᠰᠦᠭ ᠰᠦᠨᠡᠰᠦ ᠶᠢ ᠱᠤᠭᠤᠬᠤ ᠶᠢ ᠴᠥᠬᠦᠷᠡᠰᠢ ᠥᠬᠡᠶ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠰᠦᠯᠵᠢᠶᠡᠨ ᠳᠡᠭᠡᠷᠡᠬᠢ ᠭᠤᠤᠯ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠶᠢ ᠦᠷᠭᠦᠯᠵᠢᠯᠡᠨ ᠪᠠᠬᠢᠵᠢᠭᠦᠯᠦᠨ ᠪᠤᠵᠠᠭᠠᠶᠢᠷᠠᠭᠤᠯᠵᠤ᠂ ᠤᠮᠠᠷᠠᠲᠤ ᠶᠢᠨ ᠬᠢᠯᠢ ᠶᠢᠨ ᠰᠦᠯᠵᠢᠶᠡᠨ ᠳᠡᠭᠡᠷᠡᠬᠢ ᠤᠯᠤᠰ ᠲᠥᠷᠥ ᠶᠢᠨ ᠠᠮᠤᠷ ᠲᠦᠪᠰᠢᠨ ᠪᠠ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠡᠷᠡᠰ ᠬᠠᠮᠠᠭᠠᠯᠠᠵᠤ᠂ ᠰᠦᠯᠵᠢᠶᠡᠨ ᠤ ᠠᠮᠤᠷ ᠲᠦᠪᠰᠢᠨ ᠪᠠ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠪᠠᠲᠤᠯᠠᠭ᠎ᠠ ᠶᠢ ᠲᠠᠰᠤᠷᠠᠯᠲᠠ ᠥᠬᠡᠶ ᠴᠢᠩᠭᠠᠳᠬᠠᠵᠤ᠂ ᠮᠡᠳᠡᠭᠡ ᠵᠠᠩᠭᠢᠵᠢᠯᠲᠠ ᠶᠢᠨ ᠡᠨᠧᠷᠭᠢ ᠣᠯᠭᠤᠵᠤ ᠦᠷ᠎ᠡ ᠠᠰᠢᠭ ᠢ ᠨᠡᠮᠡᠭᠳᠡᠭᠦᠯᠬᠦ ᠶᠢ ᠦᠨᠡᠨ ᠬᠦ ᠠᠬᠢᠭᠤᠯᠵᠤ᠂ ᠡᠯ᠎ᠡ ᠵᠤᠶᠢᠯ ᠤᠨ ᠠᠵᠢᠯ ᠳᠤ ᠰᠢᠨ᠎ᠡ ᠠᠬᠢᠴᠠ ᠲᠠᠢ ᠪᠣᠯᠵᠣ᠂ ᠰᠢᠨ᠎ᠡ ᠪᠠᠶᠢᠳᠠᠯ ᠭᠠᠷᠭᠠᠬᠤ ᠬᠡᠷᠡᠭᠲᠡᠶ ᠭᠡᠵᠠᠢ᠃    ᠰᠦᠨ ᠬᠤᠤ᠂ ᠡᠯ᠎ᠡ ᠰᠠᠯᠠᠭ᠎ᠠ ᠮᠥᠴᠢᠷ ᠨᠢᠭᠡᠴᠡ ᠶᠢᠨ ᠬᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ᠂ ᠢᠯᠠᠩᠭᠤᠶ᠎ᠠ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾᠎ ᠤᠨ ᠪᠣᠳᠠᠲᠠᠢ ᠱᠠᠭᠠᠷᠳᠠᠯᠭ᠎ᠠ ᠲᠠᠢ ᠬᠠᠷᠢᠴᠠᠭᠤᠯᠵᠤ᠂ ᠬᠠᠶᠢᠷᠤᠪ ᠤᠨ ᠲᠤᠬᠤᠢ ᠲᠣᠭᠤᠷᠢᠭ ᠤᠨ ᠬᠥᠭᠵᠢᠯᠲᠡ ᠶᠢᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠵᠤ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠠᠵᠤ ᠠᠬᠤᠢ ᠶᠢᠨ ᠦᠷᠭᠦᠯᠵᠢᠯᠡᠨ ᠰᠠᠶᠢᠵᠢᠷᠠᠬᠤ ᠬᠠᠨᠳᠤᠰᠢ ᠶᠢ ᠪᠠᠬᠢᠵᠢᠭᠦᠯᠦᠨ ᠴᠢᠩᠭᠠᠳᠬᠠᠵᠤ᠂ ᠠᠵᠤ ᠠᠬᠤᠢ ᠶᠢᠨ ᠨᠡᠮᠡᠭᠳᠡᠯ ᠤᠨ ᠬᠡᠮᠵᠢᠶ᠎ᠡ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ᠠᠵᠤ ᠠᠬᠤᠢ ᠶᠢᠨ ︽ᠡᠷᠭᠢᠯᠲᠡ ᠶᠢᠨ ᠳᠠᠶᠢᠯᠠᠯᠳᠤᠭᠠᠨ︾᠎ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠢ︔ ᠡᠯ᠎ᠡ ᠰᠠᠯᠠᠭ᠎ᠠ ᠮᠥᠴᠢᠷ ᠨᠢᠭᠡᠴᠡ ᠶᠢᠨ ᠬᠢᠨ ᠲᠤᠭᠤᠷᠢᠭ ᠤᠨ ᠨᠠᠮ ᠤᠨ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠵᠤ᠂ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠴᠢᠩᠭ᠎ᠠ ᠠᠤᠡᠬᠤᠬᠤ ᠬᠡᠷᠡᠭᠲᠡᠢ ᠭᠡᠵᠤ ᠬᠡᠯᠡᠪᠡ᠃    ᠰᠦᠨ ᠬᠤᠤ᠂ ᠡᠯ᠎ᠡ ᠱᠠᠲᠤᠨ ᠤ ᠤᠳᠤᠷᠢᠳᠬᠤ ᠺᠠᠳ᠋ᠷ ︽ᠲᠦᠷᠪᠡᠨ ᠦᠨᠳᠦᠰᠦᠨ ᠱᠠᠲᠤᠨ ᠳᠤ ᠪᠠᠭᠤᠬᠤ︾᠎ ᠶᠢ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠪᠦᠲᠦᠮᠵᠢᠲᠡᠢ ᠠᠷᠭ᠎ᠠ ᠬᠡᠮᠵᠢᠶ᠎ᠡ ᠪᠣᠯᠭᠠᠵᠤ᠂ ᠦᠨᠳᠦᠰᠦᠨ ᠱᠠᠲᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠥᠷᠨᠢᠭᠦᠯᠵᠦ᠂ ᠣᠨᠴᠠᠭᠠᠶᠢᠯᠠᠨ ᠨᠢᠭᠡ ᠪᠦᠯᠦᠭ ᠦᠨᠳᠦᠰᠦᠨ ᠱᠠᠲᠤᠨ ᠤ ᠲᠤᠰᠬᠠᠯ ᠰᠠᠶᠢᠨ ᠦᠭᠡᠢ᠂ ᠠᠷᠠᠳ ᠤᠯᠠᠨ ᠤ ᠨᠢᠭᠲᠠ ᠠᠩᠬᠠᠷᠴᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ︔ ᠠᠵᠢᠯ ᠤᠨ ᠬᠠᠷᠠᠯᠲᠠ ᠪᠠᠨ ᠲᠣᠭᠲᠠᠭᠠᠵᠤ ᠭᠤᠣᠯᠳᠠᠯᠭ᠎ᠠ ᠲᠠᠢ ᠪᠠᠷ ᠰᠢᠪᠲᠤᠯᠤᠯᠲᠠ ᠬᠢᠵᠦ᠂ ᠨᠢᠭᠡ ᠯᠡ ᠳᠡᠭᠡᠷ᠎ᠡ ᠭᠠᠪᠢᠶ᠎ᠠ ᠪᠠᠶᠢᠭᠤᠯᠵᠤ᠂ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠳᠬᠤᠬᠤ ᠬᠡᠷᠡᠭᠲᠡᠢ︔ ︽ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ᠂ ᠠᠷᠠᠳ ᠤᠨ ᠠᠮᠢᠳᠤᠷᠠᠯ ᠢ ᠴᠢᠬᠤᠯᠠ ᠪᠠᠶᠢᠷᠢᠨ ᠳᠤ ᠲᠠᠯᠪᠢᠬᠤ︾ ᠭᠦᠨᠵᠡᠭᠡᠢ ᠠᠭᠤᠯᠤᠭᠳᠠᠬᠤᠨ ᠢ ᠭᠦᠢᠴᠡᠳ ᠲᠠᠨᠢᠵᠤ᠂ ᠨᠠᠮ ᠤᠨ ᠤᠳᠤᠷᠢᠳᠤᠯᠭ᠎ᠠ ᠪᠣᠯᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠲᠠᠰᠤᠷᠠᠯᠳᠠ ᠦᠭᠡᠢ ᠴᠢᠩᠭᠠᠳᠬᠠᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠦᠨᠡᠨ ᠬᠦ ᠰᠠᠶᠢᠲᠤᠷ ᠬᠢᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ ᠵᠣᠯ ᠵᠢᠷᠭᠠᠯᠲᠤ ᠲᠦᠷᠦᠭᠳᠡᠯ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号