ᠦᠷᠯᠦᠭᠡ ᠶᠢᠨ ᠬᠤᠭᠤᠯᠠᠨ ᠤ ᠣᠨᠴᠠᠭᠠᠢ ᠴᠢᠳᠠᠪᠤᠷᠢ
ᠨᠡᠶᠢᠲᠡᠯᠡᠭᠰᠡᠨ ᠴᠠᠭ᠄
2024/5/6
    ᠣᠶᠢᠷ᠎ᠠ ᠳᠤ ᠳᠡᠯᠡᠬᠡᠢ ᠶᠢᠨ ᠡᠷᠡᠭᠦᠯ ᠬᠠᠮᠠᠭᠠᠯᠠᠯ ᠤᠨ ᠪᠦᠯᠬᠦᠮ ᠤᠨ ᠢᠯᠡᠷᠡᠭᠦᠯᠦᠭᠰᠡᠨ ᠢᠶᠠᠷ᠄ ᠬᠦᠮᠦᠰ ᠦᠷᠯᠦᠭᠡ ᠶᠢᠨ ᠬᠤᠭᠤᠯᠠ ᠢᠳᠡᠪᠡᠯ ᠲᠤᠰ ᠡᠳᠦᠷ ᠤᠨ ᠴᠡᠭᠡᠵᠢᠯᠡᠬᠦ ᠴᠢᠳᠠᠪᠤᠷᠢ ᠶᠢ ᠨᠡᠮᠡᠭᠳᠡᠭᠦᠯᠳᠡᠭ᠃ ᠡᠭᠦᠨ ᠲᠠᠢ ᠡᠰᠡᠷᠭᠦ ᠪᠠᠷ ᠲᠡᠳᠡᠭᠡᠷ ᠦᠷᠯᠦᠭᠡ ᠶᠢᠨ ᠬᠤᠭᠤᠯᠠ ᠢᠳᠡᠬᠦ ᠦᠭᠡᠢ ᠬᠡᠥᠬᠡᠳ ᠤᠳ ᠤᠨ ᠰᠢᠨ᠎ᠡ ᠮᠡᠳᠡᠯᠭᠡ ᠰᠤᠷᠬᠤ ᠪᠠ ᠰᠤᠷᠴᠤ ᠦᠩᠭᠡᠷᠡᠭᠰᠡᠨ ᠮᠡᠳᠡᠯᠭᠡ ᠪᠠᠨ ᠡᠷᠭᠢᠴᠡᠭᠦᠯᠦᠨ ᠬᠡᠷᠡᠭᠯᠡᠬᠦ ᠲᠠᠯ᠎ᠠ ᠪᠠᠷ ᠬᠢ ᠴᠢᠳᠠᠪᠤᠷᠢ ᠨᠢ ᠦᠷᠯᠦᠭᠡ ᠶᠢᠨ ᠬᠤᠭᠤᠯᠠ ᠢᠳᠡᠭᠰᠡᠨ ᠬᠡᠥᠬᠡᠳ ᠢ ᠬᠤᠯᠠ ᠬᠦᠷᠬᠦ ᠦᠭᠡᠢ ᠪᠥᠭᠡᠳ ᠪᠠᠰᠠ ᠲᠡᠳᠡᠨ ᠤ ᠠᠮᠠ ᠪᠠᠷ ᠢᠶᠠᠨ ᠢᠯᠡᠳᠭᠡᠬᠦ ᠴᠢᠳᠠᠪᠤᠷᠢ ᠪᠠ ᠴᠡᠭᠡᠵᠢᠯᠡᠬᠦ ᠴᠢᠳᠠᠪᠤᠷᠢ ᠨᠢ ᠴᠦ ᠲᠤᠩ ᠠᠨᠠᠢ ᠪᠠᠶᠢᠳᠠᠭ᠃     ᠲᠡᠭᠦᠨ ᠤ ᠭᠤᠣᠯ ᠰᠢᠯᠲᠠᠭᠠᠨ ᠨᠢ ᠦᠷᠯᠦᠭᠡ ᠶᠢᠨ ᠬᠤᠭᠤᠯᠠ ᠢᠳᠡᠬᠦ ᠳᠤ ᠪᠣᠢ᠃ ᠣᠨᠴᠠᠭᠠᠶᠢᠯᠠᠨ ᠨᠡᠭᠦᠷᠡᠰᠦ ᠤᠰᠤᠨ ᠤ ᠨᠢᠭᠡᠳᠦᠯ ᠡᠯᠪᠡᠭ ᠪᠠᠶᠠᠯᠢᠭ ᠠᠭᠤᠯᠤᠭᠳᠠᠵᠤ ᠪᠦᠬᠦᠢ ᠦᠷᠯᠦᠭᠡ ᠶᠢᠨ ᠬᠤᠭᠤᠯᠠ ᠨᠢ ᠬᠦᠮᠦᠰ ᠤᠨ ᠴᠢᠰᠤᠨ ᠲᠣᠲᠤᠷᠠᠬᠢ ᠦᠵᠦᠮ ᠤᠨ ᠰᠢᠬᠢᠷ ᠤᠨ ᠬᠡᠮᠵᠢᠶ᠎ᠡ ᠶᠢ ᠬᠠᠮᠵᠢᠵᠤ ᠨᠡᠮᠡᠭᠳᠡᠭᠦᠯᠳᠡᠭ ᠠᠴᠠ ᠬᠦᠮᠦᠰ ᠤᠨ ᠴᠡᠭᠡᠵᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠦᠢᠯᠡᠳᠦᠯ ᠲᠠᠢ ᠪᠠᠶᠢᠳᠠᠭ᠃ ᠡᠭᠦᠨ ᠠᠴᠠ ᠭᠠᠳᠠᠨ᠎ᠠ᠂ ᠦᠷᠭᠦᠯᠵᠢ ᠦᠷᠯᠦᠭᠡ ᠶᠢᠨ ᠬᠤᠭᠤᠯᠠ ᠢᠳᠡᠬᠦ ᠦᠭᠡᠢ ᠬᠡᠥᠬᠡᠳ ᠠᠮᠠᠷᠬᠠᠨ ᠮᠠᠷᠢᠶᠠᠯᠠᠳᠠᠭ᠃ ᠲᠣᠭᠲᠠᠭᠰᠠᠨ ᠴᠠᠭ ᠲᠤ ᠪᠠᠨ ᠦᠷᠯᠦᠭᠡ ᠶᠢᠨ ᠬᠤᠭᠤᠯᠠ ᠢᠳᠡᠳᠡᠭ ᠬᠡᠥᠬᠡᠳ ᠤᠨ ᠰᠡᠳᠭᠢᠬᠦᠢ ᠨᠢ ᠲᠤᠩ ᠪᠦᠲᠦᠭᠡᠯᠴᠢ ᠴᠢᠨᠠᠷ ᠲᠠᠢ ᠪᠠᠶᠢᠳᠠᠭ᠃ ᠦᠷᠭᠦᠯᠵᠢ ᠦᠷᠯᠦᠭᠡ ᠶᠢᠨ ᠬᠤᠭᠤᠯᠠ ᠢᠳᠡᠬᠦ ᠦᠭᠡᠢ ᠬᠦᠮᠦᠰ ᠪᠣᠯ ᠦᠳᠡ ᠶᠢᠨ ᠬᠤᠭᠤᠯᠠᠨ ᠳᠤ ᠲᠣᠰᠤ ᠮᠢᠬ᠎ᠠ ᠲᠠᠢ ᠢᠳᠡᠭᠡᠨ ᠢ ᠢᠳᠡᠬᠦ ᠳᠤᠷᠠᠲᠠᠢ ᠪᠦᠭᠡᠳ ᠢᠯᠡᠭᠦᠦ ᠢᠳᠡᠳᠡᠭ ᠠᠴᠠ ᠡᠳᠦᠷ ᠤᠳᠠᠭᠠᠨ ᠳᠤ ᠪᠠᠨ ᠬᠦᠮᠦᠰ ᠢ ᠡᠯᠳᠡᠪ ᠡᠪᠡᠳᠴᠢᠨ ᠭᠡᠮ ᠲᠠᠢ ᠪᠣᠯᠭᠠᠳᠠᠭ᠃    
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号