ᠬᠦᠴᠦ ᠪᠠᠨ ᠬᠠᠮᠲᠤᠳᠬᠠᠨ ᠴᠢᠨᠠᠷ ᠰᠠᠶᠢᠲᠠᠢ ᠲᠡᠩᠴᠡᠭᠦᠷᠢᠲᠡᠢ ᠪᠠᠶᠢᠬᠤ ᠶᠢ ᠠᠬᠢᠭᠤᠯᠤᠨ᠎ᠠ — ᠬᠠᠶᠢᠷᠤᠪ ᠤᠨ ᠲᠤᠬᠤᠢ ᠲᠣᠭᠤᠷᠢᠭ 2024 ᠣᠨ ᠤ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠶᠠᠰᠤ ᠴᠢᠨᠠᠷ ᠢ ᠬᠢᠨᠠᠨ ᠬᠡᠮᠵᠢᠬᠦ ᠰᠠᠯᠠᠭ᠎ᠠ ᠮᠥᠴᠢᠷ ᠤᠨ ᠬᠠᠮᠲᠤᠷᠠᠭᠰᠠᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/8
    2024 ᠣᠨ ᠤ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠬᠢᠨᠠᠨ ᠬᠡᠮᠵᠢᠬᠦ ᠠᠵᠢᠯ ᠤᠨ ᠬᠠᠶᠢᠷᠤᠪ ᠤᠨ ᠲᠤᠬᠤᠢ ᠲᠣᠭᠤᠷᠢᠭ ᠲᠤ ᠤᠷᠤᠭᠰᠢᠲᠠᠢ ᠶᠠᠪᠤᠭᠳᠠᠬᠤ ᠶᠢ ᠪᠠᠲᠤᠯᠠᠵᠤ᠂ ᠡᠯ᠎ᠡ ᠵᠦᠢᠯ ᠤᠨ ᠠᠵᠢᠯ ᠤᠨ ᠵᠢᠷᠤᠮᠵᠢᠯ ᠲᠠᠢ ᠡᠮᠬᠢ ᠵᠢᠷᠤᠮ ᠲᠠᠢ ᠥᠷᠨᠢᠬᠦ ᠶᠢ ᠪᠠᠲᠤᠯᠠᠬᠤ ᠶᠢᠨ ᠲᠥᠯᠥᠭᠡ᠂ 5 ᠰᠠᠷ᠎ᠠ ᠶᠢᠨ 6᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠬᠢᠨᠠᠨ ᠬᠡᠮᠵᠢᠬᠦ ᠠᠵᠢᠯ ᠤᠨ ᠬᠠᠮᠲᠤᠷᠠᠭᠰᠠᠨ ᠬᠤᠷᠠᠯ ᠬᠤᠷᠠᠯᠳᠤᠭᠤᠯᠪᠠ᠃ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠱᠦ ᠶᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠲᠣᠭᠤᠷᠢᠭ ᠤᠨ ᠴᠠᠬᠢᠯᠭᠠᠨ ᠬᠠᠩᠭᠠᠬᠤ ᠬᠤᠪᠢᠶᠠᠷᠢ ᠲᠣᠪᠴᠢᠶ᠎ᠠ᠂ ᠨᠢᠭᠡᠳᠦᠮᠡᠯ ᠬᠤᠯᠪᠣᠭ᠎ᠠ ᠶᠢᠨ ᠬᠤᠪᠢᠶᠠᠷᠢ ᠺᠣᠮᠫᠠᠨᠢ᠂ ᠴᠠᠬᠢᠯᠭᠠᠨ ᠬᠤᠯᠪᠣᠭᠠᠨ ᠤ ᠬᠤᠪᠢᠶᠠᠷᠢ ᠺᠣᠮᠫᠠᠨᠢ ᠶᠢᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
     32671_700x700.png   
    ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠬᠢᠨᠠᠨ ᠬᠡᠮᠵᠢᠬᠦ ᠪᠦᠷᠢᠯᠳᠦᠬᠦᠨ ᠨᠢᠭᠡᠴᠡ ᠵᠢᠴᠢ ᠥᠯᠢᠭᠡᠷ ᠬᠡᠪ ᠰᠤᠷᠭᠠᠭᠤᠯᠢ ᠲᠣᠰ ᠤᠳᠠᠭᠠᠨ ᠤ ᠶᠠᠰᠤ ᠴᠢᠨᠠᠷ ᠤᠨ ᠬᠢᠨᠠᠨ ᠬᠡᠮᠵᠢᠯᠲᠡ ᠶᠢᠨ ᠮᠠᠨ ᠤ ᠲᠣᠭᠤᠷᠢᠭ ᠴᠢᠨᠠᠭᠰᠢᠯᠠᠪᠠᠯ ᠪᠥᠬᠦ ᠬᠤᠲᠠ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠡᠭᠦᠳᠦᠨ ᠪᠠᠶᠢᠭᠤᠯᠬᠤ ᠠᠵᠢᠯ ᠳᠤ ᠦᠵᠡᠭᠦᠯᠬᠦ ᠴᠢᠬᠤᠯᠠ ᠠᠴᠢ ᠬᠤᠯᠪᠣᠭᠳᠠᠯ ᠢ ᠭᠦᠢᠴᠡᠤᠡ ᠲᠠᠨᠢᠵᠤ᠂ ᠬᠠᠷᠢᠭᠤᠴᠠᠯᠭᠠᠲᠤ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠶᠡᠭᠡ ᠲᠠᠯ᠎ᠠ ᠶᠢᠨ ᠤᠬᠠᠮᠰᠠᠷ᠂ ᠬᠠᠮᠵᠢᠯᠴᠠᠬᠤ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠤᠡᠭᠡᠵᠤ᠂ ᠪᠥᠬᠦ ᠲᠤᠭᠤᠷᠢᠭ ᠤᠨ ᠬᠦᠴᠦᠨ ᠢᠶᠠᠷ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠪᠥᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠶ ᠭᠡᠪᠡ᠃
    32672_700x700.png  
    ᠬᠤᠷᠠᠯ ᠠᠴᠠ ᠴᠢᠬᠤᠯᠠᠴᠢᠯᠠᠭᠰᠠᠨ ᠨᠢ᠂ ᠰᠤᠷᠭᠠᠨ ᠬᠥᠮᠦᠵᠢᠯ ᠤᠨ ᠶᠠᠰᠤ ᠴᠢᠨᠠᠷ ᠤᠨ ᠬᠢᠨᠠᠨ ᠬᠡᠮᠵᠢᠯᠲᠡ ᠶᠢ ᠰᠠᠶᠢᠲᠤᠷ ᠬᠢᠬᠦ ᠨᠢ ᠦᠨᠡᠯᠡᠨ ᠵᠢᠱᠢᠬᠦ ᠠᠷᠭ᠎ᠠ ᠪᠠᠷᠢᠯ ᠪᠣᠯᠬᠤ ᠪᠠᠷ ᠪᠠᠷᠠᠬᠤ ᠦᠭᠡᠢ᠂ ᠨᠡᠩ ᠴᠤ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠤᠬᠠᠢ ᠨᠢᠭᠡ ᠤᠳᠠᠭ᠎ᠠ ᠶᠢᠨ ᠪᠦᠬᠦ ᠲᠠᠯ᠎ᠠ ᠶᠢᠨ ︽ᠪᠠᠶᠢᠴᠠᠭᠠᠯᠲᠠ︾ ᠪᠣᠯᠤᠨ᠎ᠠ᠂ ᠪᠦᠬᠦ ᠲᠤᠭᠤᠷᠢᠭ ᠢᠶᠠᠷ ᠢᠶᠠᠨ ᠨᠡᠩ ᠥᠨᠳᠥᠷ ᠤᠯᠤᠰ ᠲᠦᠷᠦ ᠶᠢᠨ ᠵᠣᠭᠰᠣᠴᠠ᠂ ᠨᠡᠩ ᠴᠢᠩᠭ᠎ᠠ ᠬᠠᠷᠢᠭᠤᠴᠠᠯᠭ᠎ᠠ ᠡᠭᠦᠷᠭᠡᠯᠡᠯ ᠢᠶᠠᠷ ᠠᠰᠠᠭᠤᠳᠠᠯ ᠳᠤ ᠰᠢᠭᠤᠳ ᠬᠠᠨᠳᠤᠵᠤ᠂ ᠬᠦᠴᠢᠷ ᠢ ᠰᠦᠷᠦᠨ ᠤᠷᠤᠭᠰᠢᠯᠠᠵᠤ᠂ ᠪᠦᠬᠦ ᠲᠤᠭᠤᠷᠢᠭ ᠤᠨ ᠬᠦᠴᠦᠨ ᠢᠶᠠᠷ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠪᠦᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠪᠣᠳᠠᠲᠠᠢ ᠶᠢ ᠡᠷᠬᠢᠮᠯᠡᠨ ᠥᠨᠳᠥᠷ ᠪᠦᠲᠦᠮᠵᠢᠲᠡᠢ ᠮᠠᠨ ᠤ ᠲᠤᠭᠤᠷᠢᠭ ᠤᠨ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢ ᠡᠭᠦᠳᠦᠨ ᠪᠠᠶᠢᠭᠤᠯᠬᠤ ᠠᠵᠢᠯ ᠤᠨ ᠡᠭᠦᠷᠭᠡ ᠶᠢ ᠠᠮᠵᠢᠯᠲᠠ ᠲᠠᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ ᠭᠡᠪᠡ᠃    ᠬᠤᠷᠠᠯ ᠠᠴᠠ᠂ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠪᠠᠬᠢᠵᠢᠭᠦᠯᠵᠦ᠂ ᠨᠡᠩ ᠶᠡᠭᠡ ᠡᠷᠴᠢᠮ ᠢᠶᠠᠷ ᠬᠢᠨᠠᠨ ᠬᠡᠮᠵᠢᠬᠦ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠡᠯ᠎ᠡ ᠵᠦᠢᠯ ᠤᠨ ᠰᠤᠷᠭᠠᠭᠤᠯᠢ ᠰᠢᠯᠭᠠᠯᠲᠠ ᠶᠢᠨ ᠳᠡᠰ ᠳᠠᠷᠠᠭᠠᠯᠠᠯ ᠪᠣᠯᠤᠨ ᠳᠦᠷᠢᠮᠵᠢᠯ ᠶᠣᠰᠣᠭᠠᠷ ᠡᠯ᠎ᠡ ᠵᠦᠢᠯ ᠤᠨ ᠠᠵᠢᠯ ᠢᠶᠠᠨ ᠪᠡᠶᠡᠯᠡᠭᠦᠯᠵᠦ᠂ ᠡᠯ᠎ᠡ ᠰᠠᠯᠠᠭ᠎ᠠ ᠮᠥᠴᠢᠷ ᠤᠳ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠠᠵᠢᠯ ᠢᠶᠠᠨ ᠦᠨᠡᠨ ᠬᠦ ᠪᠣᠳᠠᠲᠠᠶ ᠪᠥᠭᠡᠳ ᠨᠠᠷᠢᠯᠢᠭ ᠠᠳᠬᠤᠵᠤ᠂ ᠬᠢᠨᠠᠨ ᠬᠡᠮᠵᠢᠵᠦ ᠬᠡᠷᠡᠭᠵᠢᠭᠦᠯᠬᠦ ᠠᠵᠢᠯ ᠤᠨ ᠤᠷᠤᠭᠰᠢᠲᠠᠶ ᠪᠡᠶᠡᠯᠡᠭᠳᠡᠬᠦ ᠶᠢ ᠪᠠᠲᠤᠯᠠᠬᠤ ᠬᠡᠷᠡᠭᠲᠡᠶ᠃ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠬᠢᠨᠠᠨ ᠬᠡᠮᠵᠢᠬᠦ ︽ᠳᠣᠬᠢᠭᠤᠷ︾᠂ ︽ᠪᠠᠶᠢᠴᠠᠭᠠᠯᠲᠠ ᠶᠢᠨ ᠬᠡᠮᠵᠢᠭᠦᠷᠯᠢᠭ︾ ᠪᠠ ︽ᠲᠦᠯᠬᠢᠭᠴᠢ︾᠎ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠮᠠᠨ ᠤ ᠲᠤᠭᠤᠷᠢᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠠᠬᠢᠭᠤᠯᠬᠤ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠳᠤ ᠬᠠᠯᠠᠨ ᠰᠠᠶᠢᠵᠢᠷᠠᠭᠤᠯᠬᠤ ᠲᠤᠯᠭᠠᠭᠤᠷᠢᠯᠠᠯ ᠬᠠᠩᠭᠠᠬᠤ ᠬᠡᠷᠡᠭᠲᠡᠶ ᠭᠡᠵᠤ ᠴᠢᠬᠤᠯᠠᠴᠢᠠᠯᠠᠪᠠ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号