ᠬᠠᠶᠢᠷᠤᠪ ᠤᠨ ᠲᠤᠬᠤᠢ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠵᠠᠰᠠᠭ ᠤᠨ ᠶᠠᠪᠤᠳᠠᠯ ᠢ ᠵᠥᠪᠯᠡᠬᠦ ᠴᠢᠨᠠᠷᠲᠠᠢ ᠲᠤᠰᠬᠠᠢ ᠰᠡᠳᠦᠪᠲᠦ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/6/11
    6 ᠰᠠᠷ᠎ᠠ ᠶᠢᠨ 6᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ︽ᠭᠤᠷᠪᠠᠨ ᠤᠮᠠᠷᠠᠲᠤ︾᠎ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠲᠤᠰᠬᠠᠢ ᠰᠡᠳᠦᠪᠲᠦ ᠵᠠᠰᠠᠭ ᠤᠨ ᠶᠠᠪᠤᠳᠠᠯ ᠢ ᠵᠥᠪᠯᠡᠬᠦ ᠴᠢᠨᠠᠷᠲᠠᠢ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠤᠯᠵᠤ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠠᠩ ᠰᠢᠶᠠᠨ ᠭᠠᠩ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠵᠢᠶᠠᠨ ᠮᠢᠩ ᠤᠷᠢᠯᠭ᠎ᠠ ᠪᠠᠷ ᠬᠤᠷᠠᠯ ᠳᠤ ᠣᠷᠣᠯᠴᠠᠵᠤ᠂ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠭᠤᠤ ᠳ᠋ᠧᠩ ᠴᠧᠩ ᠬᠤᠷᠠᠯ ᠳᠤ ᠣᠷᠣᠯᠴᠠᠪᠠ᠃    ᠬᠤᠷᠠᠯ ᠠᠴᠠ ︽︿ᠭᠤᠷᠪᠠᠨ ᠤᠮᠠᠷᠠᠲᠤ﹀᠎ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠬᠤ ᠲᠤᠬᠠᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ︾᠎ ᠶᠢ ᠤᠯᠠᠮᠵᠢᠯᠠᠵᠤ᠂ ᠡᠯ᠎ᠡ ᠪᠠᠶᠢᠩᠭᠤ ᠶᠢᠨ ᠭᠡᠰᠢᠭᠦᠨ᠂ ᠭᠡᠰᠢᠭᠦᠨ ᠵᠢᠴᠢ ᠬᠤᠯᠪᠣᠭᠳᠠᠯ ᠪᠦᠬᠦᠢ ᠨᠢᠭᠡᠴᠢ ᠶᠢᠨ ᠬᠢᠨ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢᠨ ᠠᠭᠤᠯᠭ᠎ᠠ ᠶᠢᠨ ᠲᠣᠭᠤᠷᠢᠨ ᠳᠤ ᠣᠪᠣᠷ ᠢᠶᠠᠨ ᠢᠯᠡᠳᠬᠡᠬᠦ ᠪᠠ ᠰᠠᠨᠠᠯ ᠢᠶᠠᠨ ᠰᠣᠯᠢᠯᠴᠠᠪᠠ᠃    ᠬᠤᠷᠠᠯ ᠠᠴᠠ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠵᠣᠭᠰᠣᠴᠠ ᠪᠠᠨ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠬᠤ ᠬᠡᠷᠡᠭᠲᠡᠢ᠃ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠰᠢᠨ᠎ᠡ ᠴᠠᠭ ᠦᠶ᠎ᠡ ᠶᠢᠨ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠪᠠ ︽ᠭᠤᠷᠪᠠᠨ ᠤᠮᠠᠷᠠᠲᠤ︾᠎ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠢᠨ ᠴᠢᠬᠤᠯᠠ ᠴᠢᠨᠠᠷ ᠲᠤᠯᠭᠠᠮ᠎ᠠ ᠴᠢᠨᠠᠷ ᠢ ᠭᠦᠨᠵᠡᠭᠡᠢ ᠲᠠᠨᠢᠵᠤ᠂ ᠤᠯᠤᠰ ᠲᠥᠷᠥ ᠶᠢᠨ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠶᠡᠷᠦᠩᠬᠡᠢ ᠱᠦᠵᠢ ᠰᠢ ᠶᠢᠨ ᠫᠢᠩ ᠤᠨ ᠬᠦᠰᠡᠯ ᠨᠠᠶᠢᠳᠠᠯᠭ᠎ᠠ ᠶᠢ ᠠᠵᠢᠯ ᠬᠢᠵᠦ ᠦᠢᠯᠡᠰ ᠪᠣᠰᠬᠠᠬᠤ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠬᠤ ᠬᠡᠷᠡᠭᠲᠡᠢ︔ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠪᠠᠨ ᠰᠢᠯᠢᠳᠡᠭᠵᠢᠭᠦᠯᠵᠦ᠂ ᠠᠷᠭ᠎ᠠ ᠤᠬᠠᠭᠠᠨ ᠭᠠᠷᠭᠠᠬᠤ ᠳᠡᠭᠡᠷ᠎ᠡ ᠬᠦᠴᠦ ᠲᠠᠯᠪᠢᠵᠤ᠂ ᠥᠪᠡᠷᠮᠢᠴᠡ ᠣᠨᠴᠠᠯᠢᠭ ᠲᠠᠢ ᠳᠠᠪᠠᠭᠤᠯᠢᠭ ᠢᠶᠠᠨ ᠦᠷᠭᠦᠯᠵᠢᠯᠡᠨ ᠰᠠᠶᠢᠲᠤᠷ ᠪᠠᠳᠠᠷᠠᠭᠤᠯᠵᠤ᠂ ᠦᠨᠳᠦᠰᠦᠨ ᠱᠠᠲᠤᠨ ᠳᠤ ᠢᠯᠡᠭᠦᠬᠡᠨ ᠪᠠᠭᠤᠵᠤ᠂ ᠲᠤᠬᠠᠢ ᠶᠢᠨ ᠲᠠᠯᠠᠪᠠᠢ ᠶᠢ ᠢᠯᠡᠭᠦᠬᠡᠨ ᠦᠵᠡᠵᠦ᠂ ᠳᠡᠭᠡᠳᠦ ᠱᠠᠲᠤᠨ ᠤ ᠤᠯᠤᠰ ᠲᠦᠷᠦ ᠶᠢᠨ ᠵᠥᠪᠯᠡᠯᠭᠡᠨ ᠪᠠ ᠲᠣᠭᠤᠷᠢᠭ ᠤᠨ ᠨᠠᠮ ᠤᠨ ᠬᠤᠷᠢᠶ᠎ᠠ ᠶᠢᠨ ᠲᠤᠰᠢᠶᠠᠭᠰᠠᠨ ᠡᠯ᠎ᠡ ᠵᠦᠢᠯ ᠤᠨ ᠠᠵᠢᠯ ᠤᠨ ᠲᠣᠬᠢᠷᠠᠭᠤᠯᠤᠯᠲᠠ ᠶᠢ ᠦᠨᠡᠨ ᠬᠦ ᠴᠢᠩᠭ᠎ᠠ ᠠᠳᠬᠤᠨ ᠪᠣᠳᠠᠲᠠᠢ ᠠᠳᠬᠤᠵᠤ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠵᠠᠰᠠᠭ ᠤᠨ ᠶᠠᠪᠤᠳᠠᠯ ᠢ ᠵᠠᠩᠭᠢᠯᠠᠭ᠎ᠠ ᠶᠢᠨ ᠭᠠᠵᠠᠷ ᠪᠣᠯᠭᠠᠬᠤ ᠪᠠᠷ ᠴᠢᠷᠮᠠᠶᠢᠬᠤ ᠬᠡᠷᠡᠭᠲᠡᠢ ᠭᠡᠵᠡᠢ᠃    ᠬᠤᠷᠠᠯ ᠠᠴᠠ᠂ ᠦᠷᠭᠦᠯᠵᠢᠯᠡᠨ ᠠᠩᠬᠠᠷᠤᠯ ᠢᠶᠠᠨ ᠲᠥᠪᠯᠡᠷᠡᠭᠦᠯᠦᠨ ᠬᠦᠴᠦᠯᠡᠵᠦ᠂ ᠶᠡᠭᠡ ᠲᠠᠯ᠎ᠠ ᠳᠤ ᠦᠢᠯᠡᠴᠢᠯᠡᠬᠦ ᠳᠡᠭᠡᠷ᠎ᠡ ᠬᠦᠴᠦ ᠲᠠᠯᠪᠢᠬᠤ ᠬᠡᠷᠡᠭᠲᠡᠢ᠃ ᠬᠠᠶᠢᠷᠤᠪ ᠤᠨ ᠲᠤᠬᠤᠢ ᠲᠣᠭᠤᠷᠢᠭ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠬᠦᠷᠢᠶᠡᠨ ᠳᠠᠬᠢ ᠪᠠᠴᠢᠮ ᠰᠢᠪᠲᠤᠯᠤᠯᠲᠠ ᠭᠠᠷᠭᠠᠬᠤ ᠴᠢᠬᠤᠯᠠᠲᠠᠢ ᠵᠠᠩᠭᠢᠯᠠᠭ᠎ᠠ ᠶᠢᠨ ᠠᠰᠠᠭᠤᠳᠠᠯ ᠪᠣᠯᠤᠨ ᠤᠯᠠᠨ ᠲᠦᠮᠡᠨ ᠤ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠲᠠᠯ᠎ᠠ ᠶᠢᠨ ᠬᠡᠷᠡᠭᠴᠡᠭᠡ ᠱᠠᠭᠠᠷᠳᠠᠯᠭ᠎ᠠ ᠶᠢᠨ ᠰᠠᠨᠠᠭᠤᠯᠭ᠎ᠠ ᠶᠢ ᠥᠷᠭᠡᠨ ᠢᠶᠠᠷ ᠬᠤᠷᠢᠶᠠᠭᠰᠠᠨ ᠰᠠᠭᠤᠷᠢᠨ ᠳᠡᠭᠡᠷ᠎ᠡ᠂ ᠤᠯᠤᠰ ᠲᠦᠷᠦ ᠶᠢᠨ ᠵᠥᠪᠯᠡᠯᠭᠡ ᠬᠢᠬᠦ ᠡᠭᠦᠷᠭᠡ ᠴᠢᠳᠠᠪᠬᠢ ᠪᠠᠨ ᠤᠨᠢᠨ ᠳᠡᠭᠡᠷ᠎ᠡ ᠨᠢ ᠭᠦᠢᠴᠡᠳᠬᠡᠵᠦ᠂ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨᠴᠢ ᠠᠷᠠᠳᠴᠢᠯᠠᠯ ᠢᠶᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠬᠦᠴᠦᠨ ᠨᠡᠮᠡᠷᠢᠯᠡᠬᠦ ᠬᠡᠷᠡᠭᠲᠡᠢ᠃ ᠰᠠᠨᠠᠯ ᠳᠤᠷᠠᠳᠤᠯᠭ᠎ᠠ ᠪᠠ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢᠨ ᠮᠡᠳᠡᠭᠡ ᠵᠠᠩᠭᠢ ᠶᠢᠨ ᠭᠤᠮᠣᠳᠠᠯ ᠱᠠᠭᠠᠷᠳᠠᠯᠭ᠎ᠠ ᠪᠠᠨ ᠲᠤᠰᠬᠠᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠬᠦᠷᠢᠶᠡᠨ ᠳᠠᠬᠢ ᠰᠠᠨᠠᠯ ᠳᠤᠷᠠᠳᠤᠯᠭ᠎ᠠ ᠶᠢ ᠱᠠᠯᠠᠪᠳᠠᠭᠤᠯᠤᠨ ᠰᠢᠢᠳᠪᠦᠷᠢᠯᠡᠭᠦᠯᠬᠦ ᠪᠠ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢᠨ ᠮᠡᠳᠡᠭᠡ ᠵᠠᠩᠭᠢ ᠶᠢ ᠴᠤᠭᠯᠠᠭᠤᠯᠬᠤ ᠶᠢ ᠴᠢᠩᠭᠠᠳᠬᠠᠬᠤ ᠬᠡᠷᠡᠭᠲᠡᠶ︔ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠲᠣᠭᠤᠷᠢᠨ ᠳᠤ᠂ ᠪᠠᠶᠢᠴᠠᠭᠠᠨ ᠰᠤᠳᠤᠯᠤᠯᠲᠠ ᠬᠢᠬᠦ᠂ ᠬᠤᠷᠠᠯ ᠢᠶᠠᠷ ᠬᠢᠨᠠᠯᠲᠠ ᠲᠠᠯᠪᠢᠬᠤ᠂ ᠰᠠᠨᠠᠯ ᠳᠤᠷᠠᠳᠤᠯᠭ᠎ᠠ ᠳᠤ ᠬᠢᠨᠠᠯᠲᠠ ᠲᠠᠯᠪᠢᠬᠤ ᠵᠡᠷᠭᠡ ᠤᠯᠠᠨ ᠵᠦᠢᠯ ᠤᠨ ᠬᠡᠯᠪᠡᠷᠢ ᠪᠠᠷ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠠᠮᠢᠳᠤᠯᠢᠭ ᠢᠶᠠᠷ ᠥᠷᠨᠢᠭᠦᠯᠵᠦ᠂ ᠬᠤᠯᠪᠣᠭᠳᠠᠯ ᠪᠦᠬᠦᠢ ᠡᠭᠦᠷᠭᠡ ᠴᠢᠳᠠᠪᠬᠢᠳᠦ ᠰᠠᠯᠠᠭ᠎ᠠ ᠮᠥᠴᠢᠷ ᠯᠦᠭᠡ ᠶᠢᠨ ᠤᠯᠤᠯᠴᠠᠭ᠎ᠠ ᠵᠥᠪᠳᠡᠯᠴᠡᠭᠡ ᠪᠠᠨ ᠲᠠᠰᠤᠷᠠᠯᠲᠠ ᠦᠭᠡᠢ ᠴᠢᠩᠭᠠᠳᠬᠠᠵᠤ᠂ ᠨᠢᠭᠡ ᠰᠡᠳᠬᠢᠯ ᠨᠢᠭᠡ ᠵᠣᠷᠢᠭ ᠢᠶᠠᠷ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠡᠬᠡ ᠤᠯᠤᠰ ᠤᠨ ᠤᠮᠠᠷᠠᠲᠤ ᠶᠢᠨ ᠲᠦᠮᠡᠨ ᠭᠠᠵᠠᠷ ᠤᠨ ᠨᠣᠭᠤᠭᠠᠨ ᠬᠠᠯᠬᠠᠪᠴᠢ ᠶᠢ ᠡᠷᠡᠰ ᠪᠠᠲᠤ ᠴᠣᠭᠴᠠᠯᠠᠬᠤ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠤ ᠴᠢᠬᠤᠯᠠᠴᠢᠯᠠᠪᠠ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号