ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ 7 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/6/11
    ᠣᠶᠢᠷ᠎ᠠ ᠳᠤ᠂ ᠬᠠᠶᠢᠷᠤᠪ ᠤᠨ ᠲᠣᠬᠤᠶ ᠲᠣᠭᠤᠷᠢᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2024 ᠣᠨ ᠤ 7 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ᠃ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠦᠨ ᠬᠤᠤ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃    ᠬᠤᠷᠠᠯ ᠳᠡᠭᠡᠷ᠎ᠡ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠬᠦᠨ ᠨᠡᠷ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠲᠠᠢ ᠤᠶᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠬᠤ ᠶᠢᠨ ᠲᠣᠭᠤᠷᠢᠨ ᠳᠤ ᠬᠤᠪᠢ ᠬᠥᠮᠦᠨ ᠤ ᠦᠵᠡᠯ ᠰᠠᠨᠠᠭ᠎ᠠ ᠪᠣᠯᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃    ᠰᠦᠨ ᠬᠤᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠢᠯᠵᠢᠷᠡᠯ ᠢ ᠡᠰᠡᠷᠭᠦᠴᠡᠬᠦ ᠲᠡᠮᠡᠴᠡᠯ ᠢ ᠡᠴᠦᠰ ᠲᠤᠨᠢ ᠲᠤᠯᠲᠠᠯ᠎ᠠ ᠬᠢᠵᠦ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠡᠷᠬᠡ ᠶᠢᠨ ᠦᠵᠡᠯᠲᠡ ᠪᠠᠨ ᠲᠥᠪ ᠪᠣᠯᠭᠠᠵᠤ᠂ ᠠᠷᠠᠳ ᠤᠨ ᠲᠥᠯᠥᠭᠡ ᠡᠷᠬᠡ ᠬᠡᠷᠡᠭᠯᠡᠬᠦ ᠶᠢ ᠪᠡᠶᠡᠯᠡᠭᠦᠯᠬᠦ ᠬᠡᠷᠡᠭᠲᠡᠢ︔ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠨᠠᠮ ᠳᠠᠭᠠᠨ ᠦᠨᠡᠨᠴᠢ ᠰᠢᠳᠤᠷᠭᠤ ᠪᠠᠶᠢᠵᠤ᠂ ᠬᠠᠷᠢᠭᠤᠴᠠᠯᠭ᠎ᠠ ᠪᠠᠨ ᠴᠢᠩᠭ᠎ᠠ ᠡᠭᠦᠷᠭᠡᠯᠡᠵᠦ᠂ ᠬᠠᠷᠢᠶᠠᠳᠤ ᠪᠠᠨ ᠴᠢᠩᠭ᠎ᠠ ᠬᠠᠮᠢᠶᠠᠷᠴᠤ᠂ ᠠᠷᠠᠳ ᠲᠦᠮᠡᠨ ᠠᠴᠠ ᠣᠯᠭᠤᠭᠰᠠᠨ ᠡᠷᠬᠡ ᠶᠢ ᠵᠥᠪ ᠬᠡᠷᠡᠭᠵᠢᠭᠦᠯᠵᠦ᠂ ᠣᠨᠴᠠ ᠡᠷᠬᠡ ᠶᠢᠨ ᠦᠵᠡᠯ ᠰᠠᠨᠠᠭ᠎ᠠ ᠪᠣᠯᠤᠨ ᠣᠨᠴᠠ ᠡᠷᠬᠡ ᠶᠢᠨ ᠦᠵᠡᠭᠳᠡᠯ ᠢ ᠡᠰᠡᠷᠭᠦᠴᠡᠵᠦ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠬᠦ᠂ ᠬᠤᠪᠢ ᠶᠢᠨ ᠠᠰᠢᠭ ᠤᠯᠬᠤ ᠶᠠᠮᠠᠷᠪᠠ ᠠᠵᠢᠯᠯᠠᠭ᠎ᠠ ᠶᠢ ᠡᠰᠡᠷᠭᠦᠴᠡᠬᠦ ᠬᠡᠷᠡᠭᠲᠡᠢ︔ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠪᠦᠬᠦ ᠲᠠᠯ᠎ᠠ ᠪᠠᠷ ᠯᠠᠪᠳᠠᠭᠤᠨ ᠪᠠᠲᠤᠲᠠᠢ ᠥᠷᠨᠢᠭᠦᠯᠵᠦ᠂ ᠬᠡᠯᠪᠡᠷᠢ ᠶᠢᠨ ᠦᠵᠡᠯ ᠤᠨ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢ ᠦᠷᠭᠦᠯᠵᠢᠯᠡᠨ ᠭᠦᠨᠵᠡᠭᠡᠢ ᠴᠡᠭᠴᠡᠯᠡᠨ ᠵᠠᠰᠠᠵᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠦᠢᠯᠡᠳᠦᠯᠭᠡ ᠶᠢᠨ ᠳᠤᠮᠳᠠ ᠬᠢᠨᠠᠯᠲᠠ ᠲᠠᠯᠪᠢᠬᠤ ᠠᠷᠭ᠎ᠠ ᠬᠡᠯᠪᠡᠷᠢ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠬᠢᠨᠠᠯᠲᠠ ᠲᠠᠯᠪᠢᠬᠤ ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠬᠡᠷᠡᠭᠲᠡᠢ ᠭᠡᠵᠤ ᠬᠡᠯᠡᠪᠡ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号