ᠬᠠᠶᠢᠷᠤᠪ ᠤᠨ ᠲᠣᠬᠤᠶ ᠲᠣᠭᠤᠷᠢᠭ ᠤᠨ ᠬᠠᠶᠢᠪᠸᠢ ᠵᠡᠭᠡᠯᠢ ᠭᠤᠳᠤᠮᠵᠢ ᠱᠢ ᠴᠧᠩ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠲᠤ ︽ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ︾᠎ ᠤᠨ ᠲᠣᠬᠤᠨᠢᠭᠤᠯᠬᠤ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/11
    ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠰᠠᠭᠤᠭᠠᠯᠢ ᠠᠷᠠᠳ ᠤᠨ ᠰᠣᠶᠣᠯ ᠤᠨ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠡᠶ᠎ᠡ ᠵᠣᠬᠢᠴᠠᠩᠭᠤᠶ ᠪᠣᠯᠪᠠᠰᠤᠨ ᠨᠡᠶᠢᠭᠡᠮ ᠲᠣᠭᠤᠷᠢᠭ ᠤᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ ᠣᠶᠢᠷ᠎ᠠ ᠳᠤ᠂ ᠬᠠᠶᠢᠷᠤᠪ ᠤᠨ ᠲᠣᠬᠤᠶ ᠲᠣᠭᠤᠷᠢᠭ ᠤᠨ  ᠬᠠᠶᠢᠪᠸᠢ ᠵᠡᠭᠡᠯᠢ ᠭᠤᠳᠤᠮᠵᠢ ᠱᠢ ᠴᠧᠩ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠲᠤ ︽ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ︾᠎ ᠤᠨ ᠲᠣᠬᠤᠨᠢᠭᠤᠯᠬᠤ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ᠃
640.jpg
       ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠠᠵᠢᠯᠲᠠᠳ ᠰᠠᠭᠤᠭᠠᠯᠢ ᠠᠷᠠᠳ ᠲᠤ ᠭᠤᠶᠢᠳᠠ ᠰᠠᠶᠢᠬᠠᠨ ᠲᠣᠭᠯᠠᠯᠲᠠ ᠭᠠᠷᠭᠠᠪᠠ᠃ ᠬᠢᠲᠠᠳ ᠬᠤᠪᠴᠠᠰᠤ ᠪᠥᠵᠢᠭ᠂ ᠮᠠᠨᠵᠤ ᠲᠡᠷᠯᠢᠭ ᠤᠨ ᠦᠵᠡᠭᠦᠯᠭᠡ ᠨᠢ ᠬᠥᠮᠦᠰ ᠲᠤ ᠤᠯᠠᠮᠵᠢᠯᠠᠯᠲᠤ ᠰᠣᠶᠣᠯ ᠤᠨ ᠭᠤᠶᠢᠳᠠ ᠰᠠᠶᠢᠬᠠᠨ  ᠢ ᠮᠡᠳᠡᠷᠡᠭᠦᠯᠵᠦ᠂ ᠪᠠᠶᠠᠯᠢᠭ ᠰᠠᠶᠢᠬᠠᠨ ᠤᠷᠠᠨ ᠰᠠᠶᠢᠬᠠᠨ ᠤ ᠲᠣᠭᠯᠠᠯᠲᠠ ᠨᠢ ᠦᠵᠡᠭᠴᠢᠳ ᠤᠨ ᠬᠠᠮᠲᠤ ᠶᠢᠨ ᠰᠠᠶᠢᠨ ᠦᠨᠡᠯᠡᠯᠲᠡ ᠶᠢ ᠣᠯᠵᠤ᠂ ᠲᠤᠬᠠᠢ ᠶᠢᠨ ᠲᠠᠯᠠᠪᠠᠢ ᠳᠤ ᠠᠯᠠᠭ᠎ᠠ ᠲᠠᠰᠢᠯᠳᠠ ᠶᠢᠨ ᠳᠠᠭᠤᠨ ᠨᠢᠵᠢᠭᠢᠨᠡᠵᠦ᠂ ᠤᠯᠠᠨ ᠢᠶᠠᠷ ᠢᠶᠠᠨ ᠬᠤᠶᠢᠨ᠎ᠠ ᠬᠤᠶᠢᠨ᠎ᠠ ᠠᠴᠠ ᠪᠠᠨ ᠠᠯᠠᠭ᠎ᠠ ᠲᠠᠰᠢᠨ ᠬᠠᠰᠬᠢᠷᠪᠠ᠃
640 (1).jpg   
    ᠲᠣᠭᠯᠠᠯᠲᠠ ᠳᠠᠭᠤᠰᠤᠭᠰᠠᠨ ᠤ ᠳᠠᠷᠠᠭ᠎ᠠ᠂ ᠠᠵᠢᠯᠲᠠᠨ᠂ ᠰᠠᠶᠢᠨ ᠳᠤᠷᠠᠴᠤᠳ ᠪᠣᠯᠤᠨ ᠰᠠᠭᠤᠭᠠᠯᠢ ᠠᠷᠠᠳ ᠭᠠᠷ ᠬᠤᠯᠪᠣᠯᠴᠠᠨ ᠽᠦᠩᠽᠢ ᠪᠠᠭᠯᠠᠵᠤ᠂ ᠲᠠᠪᠤᠨ ᠥᠩᠭᠡ ᠶᠢᠨ ᠪᠦᠰᠡ ᠶᠢ ᠬᠠᠮᠲᠤᠪᠠᠷ ᠬᠤᠪᠢᠶᠠᠵᠤ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠡᠳᠦᠷ ᠤᠨ ᠪᠠᠶᠠᠷ ᠪᠠᠶᠠᠰᠤᠯ ᠢ ᠬᠠᠮᠲᠤᠪᠠᠷ ᠡᠳ᠋ᠯᠡᠵᠦ᠂  ᠨᠡᠶᠢᠭᠡᠮ ᠲᠣᠭᠤᠷᠢᠭ ᠤᠨ ᠨᠢᠭᠲᠠᠷᠠᠯ ᠤᠨ ᠬᠦᠴᠦᠨ ᠪᠣᠯᠤᠨ ᠲᠥᠪᠯᠡᠩᠭᠦᠶ ᠬᠦᠴᠦᠨ ᠢ ᠴᠢᠩᠭᠠᠷᠠᠭᠤᠯᠵᠤ᠂ ᠳᠤᠮᠳᠠᠳᠤ ᠤᠯᠤᠰ ᠤᠨ ᠤᠯᠠᠮᠵᠢᠯᠠᠯᠲᠤ ᠪᠠᠶᠠᠷ ᠤᠨ ᠡᠳᠦᠷ ᠤᠨ ᠠᠭᠤᠯᠤᠭᠳᠠᠬᠤᠨ ᠢ ᠦᠨᠡᠨ ᠬᠦ ᠣᠶᠢᠯᠠᠭᠠᠵᠤ᠂ ᠡᠶ᠎ᠡ ᠵᠣᠬᠢᠴᠠᠯ ᠲᠠᠢ ᠨᠡᠶᠢᠭᠡᠮ ᠲᠣᠭᠤᠷᠢᠭ ᠢ ᠪᠦᠲᠦᠭᠡᠨ ᠪᠠᠶᠢᠭᠤᠯᠬᠤ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃
640 (2).jpg   
    ᠬᠠᠶᠢᠷᠤᠪ ᠤᠨ ᠲᠤᠬᠤᠢ ᠲᠣᠭᠤᠷᠢᠭ ᠤᠨ ᠬᠢᠨ ᠦᠷᠭᠦᠯᠵᠢᠯᠡᠨ ᠬᠠᠶᠢᠷ᠎ᠠ ᠬᠠᠯᠠᠮᠵᠢ ᠶᠢᠨ ᠲᠠᠯ᠎ᠠ ᠪᠠᠷ ᠬᠦᠰᠡᠯ ᠡᠷᠡᠮᠡᠯᠵᠡᠯ ᠤᠨ ᠭᠠᠯ ᠢ ᠭᠡᠷᠡᠯᠳᠦᠭᠦᠯᠵᠦ᠂ ᠨᠡᠩ ᠤᠯᠠᠨ ᠬᠠᠪᠰᠤᠷᠬᠤ ᠴᠢᠬᠤᠯᠠᠲᠠᠢ ᠬᠥᠮᠦᠰ ᠲᠤ ᠬᠠᠶᠢᠷ᠎ᠠ ᠬᠠᠯᠠᠮᠵᠢ ᠬᠦᠷᠭᠡᠵᠥ ᠥᠭᠭᠦᠨ᠎ᠡ ᠭᠡᠵᠦ ᠢᠯᠡᠳᠬᠡᠪᠡ᠃
640 (4).jpg   
    ᠲᠣᠰ ᠤᠳᠠᠭᠠᠨ ᠤ ᠠᠵᠢᠯᠯᠠᠭ᠎ᠠ ᠶᠢ ᠬᠠᠶᠢᠪᠸᠢ ᠬᠡᠷᠡᠭ ᠡᠷᠬᠢᠯᠡᠬᠦ ᠭᠠᠵᠠᠷ ᠤᠨ ᠨᠠᠮ ᠤᠨ ᠠᠵᠢᠯᠯᠠᠬᠤ ᠬᠤᠷᠢᠶ᠎ᠠ ᠠᠴᠠ ᠭᠤᠤᠯᠯᠠᠨ ᠡᠷᠭᠢᠯᠡᠵᠦ᠂ ᠬᠠᠶᠢᠪᠸᠢ ᠬᠡᠷᠡᠭ ᠡᠷᠬᠢᠯᠡᠬᠦ ᠭᠠᠵᠠᠷ ᠤᠨ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ᠳᠠᠭᠠᠭᠠᠴᠢᠯᠠᠨ ᠡᠷᠭᠢᠯᠡᠵᠦ᠂ ᠬᠠᠶᠢᠪᠸᠢ ᠵᠡᠭᠡᠯᠢ ᠭᠤᠳᠤᠮᠵᠢ ᠶᠢᠨ ᠡᠯ᠎ᠡ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠬᠠᠮᠵᠢᠯᠴᠠᠨ ᠡᠷᠭᠢᠯᠡᠵᠦ᠂ ᠥᠪᠥᠷ ᠮᠣᠩᠭᠤᠯ ᠤᠨ ᠰᠢᠩ ᠾᠥᠸᠧ ᠸᠠᠨ ᠵᠢᠶᠠ ᠠᠳᠠᠯ ᠠᠬᠤᠶ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ᠂ ᠦᠬᠠᠶ ᠬᠤᠲᠠ ᠶᠢᠨ ᠬᠤᠩ ᠰᠢᠶᠠᠩ ᠣᠷᠴᠢᠨ ᠲᠣᠭᠤᠷᠢᠨ ᠤ ᠢᠨᠵᠧᠨᠧᠷᠢᠩ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠲᠢᠶᠠᠨ ᠶᠢᠦ ᠠᠳᠠᠯ ᠠᠬᠤᠶ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠡᠮᠵᠢᠪᠡ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号