ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠱᠠᠨᠳᠦ᠋ᠩ ᠤᠨ 271 ᠰᠤᠷᠭᠠᠨ ᠬᠥᠮᠦᠵᠢᠯ ᠤᠨ ᠪᠦᠯᠦᠭᠯᠡᠯ ᠲᠠᠢ ᠰᠣᠯᠢᠯᠴᠠᠨ ᠰᠤᠷᠤᠯᠴᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/14
    ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠠᠵᠢᠯ ᠤᠨ ᠰᠡᠳᠬᠢᠴᠡ ᠶᠢ ᠨᠠᠩ ᠰᠠᠶᠢᠲᠤᠷ ᠥᠷᠭᠡᠳᠬᠡᠵᠦ᠂ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠢ ᠬᠠᠷᠢᠯᠴᠠᠨ ᠬᠠᠷᠠᠭᠠᠯᠵᠠᠵᠤ ᠬᠠᠮᠲᠤ ᠪᠠᠷ ᠡᠳ᠋ᠯᠡᠬᠦ ᠶᠢ ᠤᠯᠠᠮ ᠨᠢᠭᠡ ᠠᠯᠬᠤᠮ ᠠᠬᠢᠭᠤᠯᠵᠤ᠂ ᠣᠷᠣᠨ ᠪᠦᠰᠡ ᠶᠢᠨ ᠰᠤᠷᠭᠠᠨ ᠬᠥᠮᠦᠵᠢᠯ ᠤᠨ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ ᠪᠠ ᠬᠠᠮᠲᠤ ᠪᠠᠷ ᠬᠥᠭᠵᠢᠬᠦ ᠶᠢ ᠪᠡᠶᠡᠯᠡᠭᠦᠯᠬᠦ ᠶᠢᠨ ᠲᠥᠯᠥᠭᠡ᠂ 6 ᠰᠠᠷ᠎ᠠ ᠶᠢᠨ 12᠎ ᠤᠨ ᠡᠳᠦᠷ ᠤᠨ ᠦᠳᠡ ᠶᠢᠨ ᠬᠤᠶᠢᠨ᠎ᠠ᠂ ᠬᠠᠶᠢᠷᠤᠪ ᠤᠨ ᠲᠣᠬᠤᠶ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠱᠠᠨᠳᠦ᠋ᠩ ᠤᠨ 271 ᠰᠤᠷᠭᠠᠨ ᠬᠥᠮᠦᠵᠢᠯ ᠤᠨ ᠪᠦᠯᠦᠭᠯᠡᠯ ᠲᠠᠢ ︽ᠵᠢᠭᠠᠨ ᠰᠤᠷᠭᠠᠯᠲᠠ ᠶᠢᠨ ᠲᠤᠷᠰᠢᠯᠭ᠎ᠠ ᠪᠠᠨ ᠰᠣᠯᠢᠯᠴᠠᠬᠤ ᠶᠠᠷᠢᠯᠴᠠᠬᠤ ᠬᠤᠷᠠᠯ︾ ᠥᠷᠨᠢᠭᠦᠯᠪᠡ᠃ ᠬᠠᠶᠢᠷᠤᠪ ᠤᠨ ᠲᠤᠬᠤᠢ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠱᠦ ᠶᠠᠨ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠤᠳᠤᠷᠢᠳᠬᠤ ᠪᠠᠭ ᠪᠣᠯᠤᠨ ᠡᠯ᠎ᠡ ᠳᠤᠮᠳᠠᠳᠤ ᠰᠤᠷᠭᠠᠭᠤᠯᠢ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
33629_700x700.jpg  
    ᠱᠠᠨᠳᠦ᠋ᠩ ᠤᠨ 271 ᠰᠤᠷᠭᠠᠨ ᠬᠥᠮᠦᠵᠢᠯ ᠤᠨ ᠪᠦᠯᠦᠭᠯᠡᠯ ᠤᠨ ᠶᠡᠷᠦᠩᠬᠡᠶ ᠵᠠᠬᠢᠷᠤᠯ ᠵᠣᠣ ᠹᠧᠩ ᠫᠢᠩ ᠪᠦᠯᠦᠭᠯᠡᠯ ᠤᠨ ᠬᠥᠭᠵᠢᠯᠲᠡ ᠶᠢᠨ ᠶᠠᠪᠤᠴᠠ ᠵᠢᠴᠢ ᠰᠤᠷᠭᠠᠨ ᠬᠥᠮᠦᠵᠢᠯ ᠤᠨ ᠵᠠᠭᠪᠤᠷ ᠢ ᠨᠠᠷᠢᠨ ᠲᠠᠨᠢᠯᠴᠠᠭᠤᠯᠪᠠ᠃ 
33630_700x700.jpg
    ᠳᠠᠷᠠᠭᠠᠴᠢ ᠶᠢᠨ ᠠᠯᠬᠤᠮ ᠳᠤ᠂ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠤᠪᠴᠢᠶ᠎ᠠ ᠦᠷᠭᠦᠯᠵᠢᠯᠡᠨ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠠᠷᠢᠮᠲᠠᠯᠠᠵᠤ᠂ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠤᠬᠢᠷᠠᠭᠤᠯᠤᠯᠳᠠ ᠶᠢ ᠦᠷᠭᠦᠯᠵᠢᠯᠡᠨ ᠰᠢᠯᠢᠳᠡᠭᠵᠢᠭᠦᠯᠵᠦ᠂ ᠨᠡᠩ ᠥᠨᠳᠥᠷ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢᠶᠠᠷ ᠨᠡᠶᠢᠭᠡᠮ ᠳᠤ ᠠᠴᠢ ᠬᠠᠷᠢᠭᠤᠯᠵᠤ᠂ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号