ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2024/6/17
    ᠨᠢᠭᠡ᠂ ᠪᠠᠶᠢᠭᠤᠯᠭ᠎ᠠ ᠶᠢᠨ ᠡᠭᠦᠷᠭᠡ ᠴᠢᠳᠠᠪᠤᠷᠢ    ᠬᠠᠶᠢᠷᠤᠪ ᠤᠨ ᠲᠤᠬᠤᠢ ᠲᠣᠭᠤᠷᠢᠭ ᠤᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠲᠣᠪᠴᠢᠶ᠎ᠠ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠢᠴᠢ ᠬᠤᠳᠠ ᠶᠢᠨ ᠨᠠᠮ ᠤᠨ ᠬᠤᠷᠢᠶ᠎ᠠ ᠶᠢᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠠᠵᠢᠯ ᠤᠨ ᠲᠤᠬᠠᠢ ᠴᠢᠭᠯᠡᠯᠲᠡ ᠲᠦᠷᠦ ᠶᠢᠨ ᠪᠤᠳᠤᠯᠭ᠎ᠠ ᠪᠠ ᠲᠤᠭᠤᠷᠢᠭ ᠤᠨ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠨᠠᠮ ᠤᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠤᠯ ᠡᠭᠦᠷᠭᠡ ᠬᠠᠷᠢᠭᠤᠴᠠᠯᠭ᠎ᠠ ᠨᠢ᠄   ︵ᠨᠢᠭᠡ︶ ᠲᠤᠭᠤᠷᠢᠭ ᠤᠨ ᠲᠤᠰ ᠱᠠᠲᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠡᠮᠬᠢ ᠳᠢᠭᠯᠢᠮ ᠢ ᠵᠢᠷᠤᠮᠵᠢᠭᠤᠯᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠣᠷᠣᠨ ᠰᠠᠭᠤᠴᠠ ᠶᠢᠨ ᠪᠠᠲᠤᠯᠠᠭ᠎ᠠ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠬᠤᠲᠠ ᠶᠢᠨ ᠪᠦᠲᠦᠭᠡᠨ ᠪᠠᠶᠢᠭᠤᠯᠤᠯᠲᠠ᠂ ᠲᠣᠰᠬᠤᠨ ᠪᠠᠯᠭᠠᠰᠤ ᠶᠢᠨ ᠪᠦᠲᠦᠭᠡᠨ ᠪᠠᠶᠢᠭᠤᠯᠤᠯᠲᠠ᠂ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠦᠢᠯᠡᠰ᠂ ᠪᠠᠷᠢᠯᠭ᠎ᠠ ᠶᠢᠨ ᠡᠨᠧᠷᠭᠢ ᠠᠷᠪᠢᠯᠠᠬᠤ᠂ ᠵᠠᠮ ᠬᠠᠷᠢᠯᠴᠠᠭᠠᠨ ᠤ ᠴᠢᠭᠯᠡᠯᠲᠡ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠢ ᠲᠤᠭᠤᠷᠪᠢᠵᠤ᠂ ᠬᠠᠮᠢᠶ᠎ᠠ ᠪᠦᠬᠦᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠭᠤᠷᠪᠢᠵᠤ᠂ ᠲᠤᠭᠤᠷᠢᠭ ᠤᠨ ᠲᠤᠰ ᠱᠠᠲᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠵᠢᠴᠢ ᠵᠠᠮ ᠬᠠᠷᠢᠯᠴᠠᠭᠠᠨ ᠤ ᠴᠢᠬᠤᠯᠠ ᠶᠡᠭᠡ ᠠᠰᠠᠭᠤᠳᠠᠯ ᠤᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠴᠤ᠂ ᠲᠤᠭᠤᠷᠢᠭ ᠤᠨ ᠲᠤᠰ ᠱᠠᠲᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭᠠᠨ ᠤ ᠦᠢᠯᠡᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠤᠷᠲᠤᠪᠲᠤᠷ ᠪᠠ ᠤᠷᠲᠤ ᠬᠤᠭᠤᠴᠠᠭᠠᠨ ᠤ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃   ︵ᠬᠤᠶᠠᠷ︶ ᠣᠷᠣᠯᠭ᠎ᠠ ᠪᠠᠭᠠᠲᠠᠢ ᠭᠡᠷ ᠪᠦᠯᠢ ᠶᠢᠨ ᠣᠷᠣᠨ ᠰᠠᠭᠤᠴᠠ ᠶᠢ ᠪᠠᠲᠤᠯᠠᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ᠲᠣᠭᠤᠷᠢᠭ ᠤᠨ ᠲᠣᠰ ᠱᠠᠲᠤᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠬᠥᠭᠵᠢᠯᠲᠡ ᠶᠢᠨ ᠲᠥᠯᠥᠪᠵᠢᠭᠦᠯᠭᠡ ᠪᠠ ᠣᠨ ᠤ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠬᠢᠮᠳᠠ ᠲᠦᠷᠢᠶᠡᠰᠦᠲᠦ ᠣᠷᠣᠨ ᠰᠠᠭᠤᠴᠠ ᠶᠢᠨ ᠲᠥᠷᠥ ᠶᠢᠨ ᠪᠣᠳᠣᠯᠭ᠎ᠠ ᠬᠢᠭᠡᠳ ᠲᠥᠯᠥᠪᠵᠢᠭᠦᠯᠭᠡ ᠶᠢ ᠲᠣᠭᠲᠠᠭᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠤᠯᠤᠰ᠂ ᠥᠪᠡᠷᠲᠡᠭᠡᠨ ᠵᠠᠰᠠᠬᠤ ᠣᠷᠣᠨ ᠵᠢᠴᠢ ᠦᠬᠠᠢ ᠬᠤᠲᠠ᠂ ᠲᠣᠭᠤᠷᠢᠭ ᠤᠨ ᠲᠤᠰ ᠱᠠᠲᠤᠨ ᠤ ᠬᠤᠯᠪᠣᠭᠳᠠᠯ ᠪᠦᠬᠦᠢ ᠬᠢᠮᠳᠠ ᠲᠦᠷᠢᠶᠡᠰᠦᠲᠦ ᠣᠷᠣᠨ ᠰᠠᠭᠤᠴᠠ ᠶᠢᠨ ᠪᠡᠯᠡ ᠮᠥᠩᠭᠦ ᠶᠢ ᠲᠣᠬᠢᠷᠠᠭᠤᠯᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ   ︵ᠭᠤᠷᠪᠠ︶ ᠣᠷᠣᠨ ᠰᠠᠭᠤᠴᠠ ᠶᠢᠨ ᠳᠦᠷᠢᠮ ᠤᠨ ᠥᠭᠡᠷᠡᠴᠢᠯᠡᠯᠲᠡ ᠶᠢ ᠠᠬᠢᠭᠤᠯᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ᠲᠣᠭᠤᠷᠢᠭ ᠤᠨ ᠲᠣᠰ ᠱᠠᠲᠤᠨ ᠤ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢ ᠬᠤᠪᠢᠶᠠᠷᠢᠯᠠᠨ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠵᠦ᠂ ᠲᠣᠭᠤᠷᠢᠭ ᠤᠨ ᠲᠣᠰ ᠱᠠᠲᠤᠨ ᠤ ᠣᠷᠣᠨ ᠰᠠᠭᠤᠴᠠ ᠶᠢᠨ ᠪᠠᠶᠢᠳᠠᠯ ᠢ ᠥᠭᠡᠷᠡᠴᠢᠯᠡᠨ᠎ᠡ᠃   ︵ᠲᠦᠷᠪᠡ︶ ᠬᠤᠲᠠ ᠬᠥᠳᠡᠭᠡ ᠶᠢᠨ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠬᠤᠲᠠ ᠶᠢᠨ ᠤᠰᠤ ᠬᠠᠩᠭᠠᠬᠤ ᠤᠰᠤ ᠵᠠᠯᠠᠬᠤ᠂ ᠪᠣᠬᠢᠷ ᠤᠰᠤ᠂ ᠬᠤᠭ ᠨᠣᠪᠰᠢ ᠶᠢ ᠰᠢᠢᠳᠪᠦᠷᠢᠯᠡᠬᠦ᠂ ᠬᠤᠲᠠ ᠶᠢᠨ ᠶᠠᠪᠤᠳᠠᠯ ᠤᠨ ᠪᠡᠯᠡᠳᠬᠡᠮᠵᠢ᠂ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠠᠵᠢᠯ ᠢ ᠵᠢᠯᠣᠭᠤᠳᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠤᠯᠤᠩ ᠤᠨ ᠣᠷᠣᠨ ᠤ ᠬᠤᠲᠠ ᠬᠥᠳᠡᠭᠡ ᠶᠢᠨ ᠰᠠᠭᠤᠷᠢ ᠪᠡᠯᠡᠳᠬᠡᠮᠵᠢ᠂ ᠬᠤᠲᠠ ᠶᠢᠨ ᠶᠠᠪᠤᠳᠠᠯ ᠤᠨ ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠵᠢᠴᠢ ᠪᠤᠰᠤᠳ ᠰᠠᠨᠠᠯ︾᠎ ᠤᠨ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠬᠤᠯᠪᠣᠭᠳᠠᠯ ᠪᠦᠬᠦᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠵᠢᠯᠣᠭᠤᠳᠴᠤ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠵᠠᠷᠤᠳᠠᠯ ᠢ ᠴᠤᠭᠯᠠᠭᠤᠯᠤᠨ ᠬᠠᠮᠢᠶᠠᠷᠬᠤ ᠶᠢ ᠬᠠᠷᠢᠭᠤᠴᠠᠨ᠎ᠠ᠃    ︵ᠲᠠᠪᠤ︶ ᠲᠣᠰᠬᠤᠨ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢ ᠵᠢᠷᠤᠮᠵᠢᠭᠤᠯᠬᠤ ᠪᠠ ᠵᠢᠯᠣᠭᠤᠳᠬᠤ ᠬᠠᠷᠢᠭᠤᠴᠠᠯᠭ᠎ᠠ ᠶᠢ ᠡᠭᠦᠷᠭᠡᠯᠡᠵᠦ᠂ ᠵᠢᠵᠢᠭ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠵᠠᠰᠠᠭ ᠤᠨ ᠣᠷᠳᠣᠨ ᠤ ᠠᠵᠢᠯ ᠤᠨ ᠪᠣᠳᠣᠯᠭ᠎ᠠ᠂ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠵᠦ᠂ ᠲᠣᠭᠤᠷᠢᠭ ᠤᠨ ᠲᠣᠰ ᠱᠠᠲᠤᠨ ᠤ ᠲᠣᠰᠬᠤᠨ ᠪᠠᠯᠭᠠᠰᠤ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ ᠮᠠᠯᠵᠢᠬᠤ ᠣᠷᠣᠨ ᠤ ᠬᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠪᠠ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠵᠠᠰᠠᠬᠤ ᠶᠢ ᠬᠠᠮᠵᠢᠯᠴᠠᠨ ᠵᠢᠯᠣᠭᠤᠳᠴᠤ᠂ ᠵᠢᠵᠢᠭ ᠬᠤᠲᠠ ᠪᠠᠯᠭᠠᠰᠤ ᠶᠢᠨ ᠰᠠᠭᠤᠷᠢ ᠪᠡᠯᠡᠳᠬᠡᠮᠵᠢ ᠪᠠ ᠬᠥᠮᠦᠰ ᠤᠨ ᠣᠷᠣᠰᠢᠨ ᠰᠠᠭᠤᠬᠤ ᠠᠮᠢ ᠠᠬᠤᠶ ᠶᠢᠨ ᠴᠠᠭᠠᠷᠢᠭ ᠤᠨ ᠥᠪᠡᠷᠲᠡᠭᠡᠨ ᠵᠠᠰᠠᠬᠤ ᠥᠭᠡᠷᠡᠴᠢᠯᠡᠯᠲᠡ ᠶᠢ ᠲᠦᠭᠡᠮᠡᠯᠵᠢᠭᠦᠯᠬᠦ ᠠᠵᠢᠯ ᠢ ᠵᠢᠯᠣᠭᠤᠳᠤᠨ᠎ᠠ᠃ ᠪᠠᠭ᠎ᠠ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠪᠣᠯᠤᠨ ᠲᠣᠰᠬᠤᠨ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠢᠭ ᠤᠨ ᠠᠵᠢᠯ ᠢ ᠬᠠᠷᠢᠭᠤᠴᠠᠵᠤ᠂ ᠲᠤᠭᠤᠷᠢᠭ ᠤᠨ ᠲᠤᠰ ᠱᠠᠲᠤᠨ ᠤ ᠭᠤᠤᠯᠳᠠᠯᠭ᠎ᠠ ᠲᠠᠢ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢ ᠵᠢᠯᠣᠭᠤᠳᠤᠨ᠎ᠠ᠃   ︵ᠵᠢᠷᠭᠤᠭ᠎ᠠ ) ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠲᠡᠮᠦᠷ ᠵᠠᠮ ᠤᠨ ᠪᠠᠷᠢᠯᠭ᠎ᠠ ᠶᠢᠨ ᠶᠠᠰᠤ ᠴᠢᠨᠠᠷ᠂ ᠪᠠᠷᠢᠯᠭ᠎ᠠ ᠶᠢᠨ ᠠᠮᠤᠷ ᠲᠦᠪᠰᠢᠨ ᠪᠠ ᠪᠠᠷᠢᠯᠭ᠎ᠠ ᠶᠢᠨ ᠠᠵᠢᠯ ᠤᠨ ᠤᠯᠤᠰ ᠲᠥᠷᠥ ᠶᠢᠨ ᠵᠣᠴᠢᠨ ᠢ ᠪᠤᠯᠢᠶᠠᠯᠳᠤᠬᠤ ᠲᠥᠷᠥ ᠶᠢᠨ ᠪᠣᠳᠣᠯᠭ᠎ᠠ᠂ ᠳᠦᠷᠢᠮ ᠲᠣᠭᠲᠠᠭᠠᠯ ᠢ ᠲᠤᠭᠤᠰᠢᠯᠠᠭᠤᠯᠤᠨ᠂ ᠭᠡᠷ ᠪᠠᠶᠢᠰᠢᠩ ᠪᠠ ᠬᠤᠲᠠ ᠶᠢᠨ ᠶᠠᠪᠤᠳᠠᠯ ᠤᠨ ᠪᠠᠷᠢᠯᠭ᠎ᠠ ᠶᠢᠨ ᠶᠠᠰᠤ ᠴᠢᠨᠠᠷ᠂ ᠠᠮᠤᠷ ᠲᠦᠪᠰᠢᠨ ᠤ ᠬᠦᠨᠳᠦ ᠶᠡᠭᠡ ᠠᠳᠡᠯ ᠢ ᠪᠠᠶᠢᠴᠠᠭᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠬᠤ ᠪᠤᠶᠤ ᠲᠡᠭᠦᠨ ᠳᠤ ᠣᠷᠣᠯᠴᠠᠨ᠎ᠠ᠃ ᠭᠡᠷ ᠪᠠᠶᠢᠰᠢᠩ ᠤᠨ ᠪᠠᠷᠢᠯᠭ᠎ᠠ ᠵᠢᠴᠢ ᠬᠠᠮᠲᠤ ᠶᠢᠨ ᠳᠠᠭᠠᠯᠲᠠ ᠲᠥᠬᠦᠭᠡᠷᠦᠮᠵᠢ ᠪᠣᠯᠤᠨ ᠬᠤᠲᠠ ᠶᠢᠨ ᠶᠠᠪᠤᠳᠠᠯ ‍ᠤᠨ‌ᠢᠨᠵᠧᠨᠧᠷᠢᠩ ᠤᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠵᠢᠷᠤᠭ ᠲᠥᠯᠥᠪᠯᠡᠭᠡ ᠶᠢ ᠬᠡᠷᠡᠭᠵᠢᠭᠦᠯᠬᠦ ᠶᠢ ᠬᠠᠷᠢᠭᠤᠴᠠᠵᠤ᠂ ᠬᠠᠭᠤᠴᠢᠨ ᠪᠦᠲᠦᠭᠡᠨ ᠪᠠᠶᠢᠭᠤᠯᠤᠯᠲᠠ ᠶᠢ ᠵᠢᠯᠣᠭᠤᠳᠤᠨ᠎ᠠ᠃   ︵ᠳᠤᠯᠤᠭ᠎ᠠ︶ ᠪᠠᠷᠢᠯᠭ᠎ᠠ ᠶᠢᠨ ᠡᠨᠧᠷᠭᠢ ᠠᠷᠪᠢᠯᠠᠬᠤ᠂ ᠬᠤᠲᠠ ᠪᠠᠯᠭᠠᠰᠤ ᠶᠢᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠲᠦᠯᠬᠢᠨ ᠠᠬᠢᠭᠤᠯᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠤᠭᠤᠷᠢᠭ ᠤᠨ ᠲᠣᠰ ᠱᠠᠲᠤᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠪᠤᠶᠤ ᠪᠣᠳᠣᠯᠭ᠎ᠠ ᠲᠥᠯᠥᠪᠵᠢᠭᠦᠯᠬᠦ ᠶᠢᠨ ᠬᠠᠮᠲᠤ ᠬᠢᠨᠠᠯᠲᠠ ᠲᠠᠯᠪᠢᠵᠤ ᠪᠣᠳᠠᠲᠠᠶᠢᠵᠢᠭᠤᠯᠬᠤ ᠬᠡᠷᠡᠭᠲᠡᠶ᠃ ᠴᠢᠬᠤᠯᠠ ᠶᠡᠭᠡ ᠪᠠᠷᠢᠯᠭ᠎ᠠ ᠶᠢᠨ ᠡᠨᠧᠷᠭᠢ ᠠᠷᠪᠢᠯᠠᠬᠤ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠨᠧᠷᠭᠢ ᠠᠷᠪᠢᠯᠠᠬᠤ ᠦᠢᠯᠡᠳᠬᠦᠨ᠂ ᠭᠡᠷ ᠪᠠᠶᠢᠰᠢᠩ ᠤᠨ ᠬᠡᠷᠡᠮ ᠤᠨ ᠮᠠᠲ᠋ᠧᠷᠢᠶᠠᠯ ᠤᠨ ᠰᠢᠨᠡᠴᠢᠯᠡᠯᠲᠡ ᠶᠢᠨ ᠠᠵᠢᠯ ᠢ ᠵᠢᠯᠣᠭᠤᠳᠤᠨ᠎ᠠ᠃ ᠰᠢᠨ᠎ᠡ ᠮᠡᠷᠭᠡᠵᠢᠯ᠂ ᠰᠢᠨ᠎ᠡ ᠤᠷᠠᠯᠠᠯ᠂ ᠰᠢᠨ᠎ᠡ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ ᠠᠬᠢᠭᠤᠯᠤᠨ᠎ᠠ᠃   ︵ᠨᠠᠢᠮᠠ︶ ᠣᠷᠣᠨ ᠰᠠᠭᠤᠴᠠ ᠪᠣᠯᠤᠨ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠭᠠᠳᠠᠭᠠᠳᠤ ᠲᠠᠢ ᠰᠣᠯᠢᠯᠴᠠᠭ᠎ᠠ ᠬᠢᠵᠦ ᠬᠠᠮᠲᠤᠷᠠᠨ ᠠᠵᠢᠯᠯᠠᠨ᠎ᠠ᠃    ︵ᠶᠢᠰᠦ︶ ᠲᠤᠭᠤᠷᠢᠭ ᠤᠨ ᠲᠤᠰ ᠱᠠᠲᠤᠨ ᠤ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠡᠪᠴᠢᠶ᠎ᠡ ᠪᠠ ᠴᠢᠭᠯᠡᠯ ᠤᠨ ᠰᠠᠨᠠᠯ ᠰᠠᠨᠠᠭᠤᠯᠭ᠎ᠠ ᠶᠢ ᠰᠤᠳᠤᠯᠤᠨ ᠳᠤᠷᠠᠳᠬᠤ ᠬᠡᠷᠡᠭᠲᠡᠢ    ᠬᠤᠶᠠᠷ᠂ ᠪᠠᠶᠢᠭᠤᠯᠤᠮᠵᠢ ᠶᠢᠨ ᠲᠣᠬᠢᠷᠠᠭᠤᠯᠤᠯᠲᠠ᠄   ᠠᠯᠪᠠᠨ ᠭᠡᠷ᠂ ᠬᠠᠤᠯᠢ ᠳᠦᠷᠢᠮ ᠤᠨ ᠠᠯᠪᠠᠨ ᠭᠡᠷ᠂ ᠠᠶᠤᠯ ᠦᠭᠡᠶ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠠᠯᠪᠠᠨ ᠭᠡᠷ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠭᠡᠷ᠂ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠬᠢᠨᠠᠨ ᠵᠥᠪᠰᠢᠶᠡᠷᠡᠬᠦ ᠠᠯᠪᠠᠨ ᠭᠡᠷ᠂ ᠡᠳ᠋ ᠤᠨ ᠶᠠᠪᠤᠳᠠᠯ ᠤᠨ ᠭᠡᠷ᠃    ᠭᠤᠷᠪᠠ᠂ ᠠᠵᠢᠯᠯᠠᠬᠤ ᠬᠠᠶ᠋ᠢᠭ᠄ ᠲᠣᠭᠤᠷᠢᠭ ᠤᠨ ᠵᠠᠰᠠᠭ ᠤᠨ ᠣᠷᠳᠣᠨ ᠤ ᠲᠣᠮᠣ ᠠᠰᠠᠷ ᠤᠨ 536 ᠥᠷᠥᠭᠡ    ᠳᠥᠷᠪᠡ᠂ ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ 9᠄ 00-12᠄ 00᠂ 15᠄ 00-18᠄00    ᠲᠠᠪᠤ᠂ ᠬᠠᠷᠢᠯᠴᠠᠬᠤ ᠠᠷᠭ᠎ᠠ ᠬᠡᠯᠪᠡᠷᠢ᠄ 0473-2059975    ᠵᠢᠷᠭᠤᠭ᠎ᠠ᠂ ᠬᠠᠷᠢᠭᠤᠴᠠᠯᠭᠠᠲᠠᠨ ᠤ ᠣᠪᠣᠭ ᠨᠡᠷ᠎ᠡ᠄ ᠬᠠᠩ ᠶᠠᠨ ᠹᠧᠩ   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号