ᠬᠥᠭᠵᠢᠯᠲᠡ ᠶᠢ ᠬᠠᠮᠲᠤ ᠪᠠᠷ ᠠᠬᠢᠭᠤᠯᠤᠶ᠎ᠠ︕ ᠬᠠᠶᠢᠷᠤᠪ ᠤᠨ ᠲᠤᠬᠤᠢ ᠶᠢᠨ ︽ᠲᠥᠯᠥᠭᠡᠯᠡᠭᠴᠢ᠂ ᠭᠡᠰᠢᠭᠦᠳ︾ ᠰᠤᠷᠭᠠᠭᠤᠯᠢ ᠶᠢᠨ ᠬᠦᠷᠢᠶᠡᠨ ᠳᠤ ᠣᠷᠣᠪᠠ
ᠨᠡᠶᠢᠲᠡᠯᠡᠭᠰᠡᠨ ᠴᠠᠭ᠄
2024/6/18
    ᠬᠠᠶᠢᠷᠤᠪ ᠤᠨ ᠲᠣᠬᠤᠢ ᠲᠣᠭᠤᠷᠢᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠭᠦᠨᠵᠡᠭᠡᠶ ᠠᠬᠢᠭᠤᠯᠵᠤ᠂ ᠰᠤᠷᠭᠠᠭᠤᠯᠢ ᠬᠢᠭᠡᠳ ᠨᠡᠶᠢᠭᠡᠮ ᠤᠨ ᠡᠯ᠎ᠡ ᠡᠲᠡᠭᠡᠳ ᠤᠨ ᠨᠡᠪᠲᠡᠷᠡᠯᠴᠡᠭᠡ ᠰᠣᠯᠢᠯᠴᠠᠭ᠎ᠠ ᠶᠢ ᠴᠢᠩᠭᠠᠳᠬᠠᠬᠤ ᠶᠢᠨ ᠲᠥᠯᠥᠭᠡ᠂ ᠣᠶᠢᠷ᠎ᠠ ᠳᠤ᠂ ᠬᠠᠶᠢᠷᠤᠪ ᠤᠨ ᠲᠣᠬᠤᠶ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠨᠡᠶᠢᠲᠡ 50 ᠭᠠᠷᠤᠶ ᠬᠥᠮᠦᠨ ᠢ ᠤᠷᠢᠵᠤ ᠦᠬᠠᠶ ᠬᠤᠲᠠ ᠶᠢᠨ ᠶᠢᠰᠦᠳᠦᠭᠡᠷ ᠳᠤᠮᠳᠠᠳᠤ ᠰᠤᠷᠭᠠᠭᠤᠯᠢ ᠳᠤ ᠣᠷᠣᠯᠴᠠᠭᠤᠯᠵᠤ᠂ ︽ᠰᠤᠷᠭᠠᠨ ᠬᠥᠮᠦᠵᠢᠯ ᠤᠨ ᠵᠢᠷᠤᠭ ᠲᠥᠰᠦᠪ ᠢ ᠬᠠᠮᠲᠤ ᠪᠠᠷ ᠵᠢᠷᠤᠭᠯᠠᠵᠤ ᠲᠡᠩᠴᠡᠭᠦᠷᠢᠲᠡᠶ ᠬᠥᠭᠵᠢᠯᠲᠡ ᠶᠢ ᠬᠠᠮᠲᠤ ᠪᠠᠷ ᠠᠬᠢᠭᠤᠯᠬᠤ︾ ᠰᠤᠷᠭᠠᠭᠤᠯᠢ ᠶᠢᠨ ᠬᠦᠷᠢᠶᠡᠨ ᠤ ᠨᠡᠭᠡᠭᠡᠯᠲᠡᠲᠦ ᠡᠳᠦᠷ ᠤᠨ ᠠᠵᠢᠯᠯᠠᠭ᠎ᠠ ᠳᠤ ᠬᠠᠮᠲᠤ ᠪᠠᠷ ᠣᠷᠣᠯᠴᠠᠵᠤ᠂ ᠰᠤᠷᠭᠠᠨ ᠬᠥᠮᠦᠵᠢᠯ ᠤᠨ ᠬᠥᠭᠵᠢᠯᠲᠡ ᠶᠢᠨ ᠵᠠᠮ ᠢ ᠬᠠᠮᠲᠤ ᠪᠠᠷ ᠰᠤᠳᠤᠯᠤᠨ ᠶᠠᠷᠢᠯᠴᠠᠪᠠ᠃
     ᠠᠵᠢᠯᠯᠠᠭ᠎ᠠ ᠨᠢ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠭᠢᠯᠡᠬᠦ ᠪᠠᠷ ᠭᠤᠤᠯ ᠪᠣᠯᠭᠠᠵᠤ᠂ ᠲᠤᠬᠠᠶ ᠶᠢᠨ ᠲᠠᠯᠠᠪᠤᠷ ᠲᠤ ᠳᠡᠯᠭᠡᠨ ᠦᠵᠡᠭᠦᠯᠬᠦ᠂ ᠲᠤᠬᠠᠶ ᠶᠢᠨ ᠭᠠᠵᠠᠷ ᠲᠤᠨᠢ ᠲᠣᠭᠤᠷᠢᠨ ᠦᠵᠡᠬᠦ᠂ ᠰᠣᠯᠢᠯᠴᠠᠨ ᠶᠠᠷᠢᠯᠴᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠦᠬᠠᠶ ᠬᠤᠲᠠ ᠶᠢᠨ ᠶᠢᠰᠦᠳᠦᠭᠡᠷ ᠳᠤᠮᠳᠠᠳᠤ ᠰᠤᠷᠭᠠᠭᠤᠯᠢ ᠶᠢᠨ ᠰᠣᠶᠣᠯ ᠤᠨ ᠣᠷᠴᠢᠨ ᠲᠣᠭᠤᠷᠢᠨ᠂ ᠥᠨᠳᠥᠷ ᠪᠦᠲᠦᠮᠵᠢᠲᠡᠶ ᠬᠢᠴᠢᠶᠡᠯ ᠤᠨ ᠲᠠᠩᠬᠢᠮ᠂ ᠤᠨᠴᠠᠯᠢᠬᠳᠤ ᠬᠢᠴᠢᠶᠡᠯ᠂ ᠭᠤᠸ᠎ᠠ ᠰᠠᠶᠢᠬᠠᠨ ᠤ ᠬᠥᠮᠦᠵᠢᠯ ᠤᠨ ᠪᠡᠶ᠎ᠡ ᠶᠢᠨ ᠲᠠᠮᠢᠷ᠂ ᠨᠡᠷᠡᠨ ᠭᠡᠷᠡᠯᠳᠤ ᠶᠡᠭᠡ ᠬᠢᠴᠢᠶᠡᠯ ᠤᠨ ᠵᠠᠪᠰᠠᠷ ᠵᠢᠴᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠵᠡᠷᠭᠡ ᠲᠠᠯ᠎ᠠ ᠶᠢᠨ ᠴᠤᠭ ᠵᠢᠪᠬᠤᠭ᠎ᠠ ᠶᠢ ᠪᠥᠬᠦ ᠲᠠᠯ᠎ᠠ ᠪᠠᠷ ᠢᠯᠡᠷᠡᠭᠦᠯᠵᠦ᠂ ᠰᠤᠷᠭᠠᠭᠤᠯᠢ ᠶᠢᠨ ᠲᠠᠪᠤᠨ ᠬᠥᠮᠦᠵᠢᠯ ᠢ ᠵᠡᠷᠭᠡ ᠪᠠᠷ ᠠᠳᠬᠤᠬᠤ᠂ ᠰᠢᠨ᠎ᠡ ᠶᠢ ᠡᠭᠦᠳᠬᠦ ᠲᠠᠯ᠎ᠠ ᠪᠠᠷ ᠥᠪᠡᠷᠮᠢᠴᠡ ᠬᠢᠯᠠᠰ ᠴᠡᠭ ᠪᠠ ᠦᠷ᠎ᠡ ᠪᠦᠲᠦᠭᠡᠯ ᠢ ᠢᠯᠡᠷᠡᠭᠦᠯᠪᠡ᠃
640 (2).jpg   
    ᠰᠠᠨᠠᠯ ᠢᠶᠠᠨ ᠰᠣᠯᠢᠯᠴᠠᠵᠤ ᠶᠠᠷᠢᠯᠴᠠᠬᠤ ᠭᠤᠭᠴᠤᠭ᠎ᠠ ᠳᠤ᠂ ᠲᠤᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠲᠥᠯᠥᠭᠡᠯᠡᠭᠴᠢᠳ ᠲᠠᠢ ᠣᠳᠣᠬᠠᠨ ᠤ ᠰᠤᠷᠭᠠᠨ ᠬᠥᠮᠦᠵᠢᠯ ᠤᠨ ᠬᠠᠯᠠᠮᠰᠢᠯ ᠠᠰᠠᠭᠤᠳᠠᠯ ᠤᠨ ᠲᠤᠬᠠᠶ ᠭᠦᠨᠵᠡᠭᠡᠶ ᠶᠠᠷᠢᠯᠴᠠᠭᠰᠠᠨ ᠪᠥᠭᠡᠳ ᠳᠤᠷᠠᠳᠤᠭᠰᠠᠨ ᠠᠰᠠᠭᠤᠳᠠᠯ ᠤᠨ ᠲᠤᠬᠠᠶ ᠨᠢᠭᠡᠳ ᠨᠢᠭᠡ ᠪᠠᠷ ᠲᠤᠬᠠᠶ ᠶᠢᠨ ᠲᠠᠯᠠᠪᠠᠶ ᠳᠤ ᠬᠠᠷᠢᠭᠤᠯᠲᠠ ᠥᠭᠪᠡ᠃
640.png   
    ᠲᠣᠰ ᠤᠳᠠᠭᠠᠨ ᠤ ᠠᠵᠢᠯᠯᠠᠭ᠎ᠠ ᠨᠢ ᠰᠤᠷᠭᠠᠭᠤᠯᠢ ᠬᠢᠭᠡᠳ ᠨᠡᠶᠢᠭᠡᠮ ᠤᠨ ᠡᠯ᠎ᠡ ᠡᠲᠡᠭᠡᠳ ᠤᠨ ᠬᠢᠨ ᠤ ᠨᠡᠪᠲᠡᠷᠡᠯᠴᠡᠭᠡ ᠶᠢᠨ ᠪᠠᠲᠤ ᠪᠠᠬᠢ ᠬᠥᠭᠦᠷᠭᠡ ᠶᠢ ᠪᠠᠶᠢᠭᠤᠯᠤᠭᠰᠠᠨ ᠢᠶᠠᠷ ᠪᠠᠷᠠᠬᠤ ᠥᠬᠡᠶ ᠪᠠᠰᠠ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠶᠢ ᠠᠬᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ᠃    ᠬᠠᠶᠢᠷᠤᠪ ᠤᠨ ᠲᠤᠬᠤᠢ ᠲᠣᠭᠤᠷᠢᠭ ᠤᠨ ᠬᠢᠨ ᠰᠤᠷᠭᠠᠭᠤᠯᠢ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠠᠷᠢᠯᠴᠠᠭ᠎ᠠ ᠪᠣᠯᠤᠨ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢ ᠬᠠᠮᠲᠤᠪᠠᠷ ᠠᠬᠢᠭᠤᠯᠤᠨ᠎ᠠ᠃ ᠡᠭᠦᠨ ᠤ ᠬᠠᠮᠲᠤ᠂ ︽ᠶᠣᠰᠣ ᠰᠤᠷᠲᠠᠬᠤᠨ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ︾ ᠰᠤᠷᠭᠠᠨ ᠬᠥᠮᠦᠵᠢᠯ ᠤᠨ ᠣᠶᠢᠯᠠᠭᠠᠭᠳᠠᠬᠤᠨ ᠢ ᠦᠷᠭᠦᠯᠵᠢᠯᠡᠨ ᠪᠠᠷᠢᠮᠲᠠᠯᠠᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号