ᠬᠠᠶᠢᠷᠤᠪ ᠤᠨ ᠲᠤᠬᠤᠢ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 125 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/6/18
    ᠤᠢᠢᠷ᠎ᠠ ᠳᠤ᠂ ᠬᠠᠶᠢᠷᠤᠪ ᠤᠨ ᠲᠤᠬᠤᠢ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 125 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠪᠠ᠃ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠦᠨ ᠬᠤᠤ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠪᠠᠨ ᠳᠥᠷᠪᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ᠂ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠲᠠᠪᠤᠳᠤᠭᠠᠷ ᠤᠳᠠᠭ᠎ᠠ ᠶᠢᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶᠎ ᠶᠢᠨ ᠵᠠᠬᠢᠷᠤᠯ ︵ᠵᠠᠬᠢᠷᠤᠯ︶᠎ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠢᠭᠡ ᠴᠤᠬᠴᠠᠵᠢᠭᠤᠯᠤᠨ ᠠᠬᠢᠭᠤᠯᠬᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ᠂ ᠪᠦᠬᠦ ᠲᠤᠭᠤᠷᠢᠭ ᠤᠨ ︽ᠨᠢᠭᠡ ᠮᠦᠴᠡᠳᠤ ᠨᠡᠶᠢᠭᠡᠮ ᠲᠣᠭᠤᠷᠢᠭ ᠤᠨ ᠠᠮᠢᠳᠤᠷᠠᠯ ᠤᠨ ᠬᠦᠷᠢᠶ᠎ᠡ ︾᠎ ᠶᠢ ᠰᠠᠶᠢᠲᠤᠷ ᠪᠠᠶᠢᠭᠤᠯᠤᠭᠰᠠᠨ ᠪᠠ ᠬᠤᠳᠠ ᠶᠢᠨ ᠴᠢᠳᠠᠪᠬᠢ ᠶᠢ ᠲᠡᠭᠦᠯᠳᠡᠷᠵᠢᠭᠦᠯᠦᠭᠰᠡᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠵᠡᠷᠭᠡ ᠶᠢ ᠰᠣᠨᠣᠰᠪᠠ︔ ︽ᠬᠠᠶᠢᠷᠤᠪ ᠤᠨ ᠲᠤᠬᠤᠢ ᠲᠣᠭᠤᠷᠢᠭ ᠤᠨ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠬᠠᠮᠢᠶᠠᠷᠤᠯᠲᠠ ᠶᠢᠨ ᠠᠷᠭ᠎ᠠ ︵ᠬᠦᠷᠭᠡᠨ ᠬᠢᠨᠠᠭᠤᠯᠬᠤ ᠨᠤᠤᠷᠠᠭ︶︾᠂ ︽ᠬᠠᠶᠢᠷᠤᠪ ᠤᠨ ᠲᠤᠬᠤᠢ ᠲᠣᠭᠤᠷᠢᠭ ᠤᠨ ᠳᠠᠬᠢᠯᠲᠠ ᠡᠬᠢ ᠪᠠᠶᠠᠯᠢᠭ ᠤᠨ ᠠᠵᠢᠯ ᠲᠦᠷᠦᠯ ᠤᠨ ᠡᠵᠡᠩᠨᠡᠯᠲᠡ ᠶᠢᠨ ᠪᠠᠷᠢᠮᠵᠢᠶ᠎ᠠ ᠶᠢᠨ ᠲᠣᠭᠲᠠᠭᠠᠯ ︵ᠬᠦᠷᠭᠡᠨ ᠬᠢᠨᠠᠭᠤᠯᠬᠤ ᠨᠤᠤᠷᠠᠭ︶︾᠂ ︽ᠬᠠᠶᠢᠷᠤᠪ ᠤᠨ ᠲᠤᠬᠤᠢ ᠲᠣᠭᠤᠷᠢᠭ ᠤᠨ 2023 ᠣᠨ ᠤ ︿ᠬᠠᠷᠢᠭᠤᠴᠠᠯᠭ᠎ᠠ ᠡᠭᠦᠷᠭᠡᠯᠡᠨ ᠰᠠᠶᠢᠨ ᠺᠠᠳ᠋ᠷ ᠪᠣᠯᠤᠭᠰᠠᠨ ᠤ ᠵᠢᠱᠢᠭᠳᠡᠭᠴᠢ ᠶᠢᠨ ᠲᠤᠬᠠᠢ ᠵᠢᠭᠠᠪᠤᠷᠢ ᠠᠪᠬᠤ ᠮᠡᠳᠡᠭᠦᠯᠦᠯᠲᠡ︾ ᠵᠡᠷᠭᠡ ᠶᠢ ᠰᠤᠳᠤᠯᠤᠨ ᠬᠢᠨᠠᠨ ᠵᠥᠪᠯᠡᠭᠰᠡᠨ ᠪᠥᠭᠡᠳ ᠬᠠᠶᠢᠷᠤᠪ ᠤᠨ ᠲᠤᠬᠤᠢ ᠲᠣᠭᠤᠷᠢᠭ ᠤᠨ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃      ᠰᠦᠨ ᠬᠤᠤ᠂ ᠬᠠᠶᠢᠷᠤᠪ ᠤᠨ ᠲᠤᠬᠤᠢ ᠲᠣᠭᠤᠷᠢᠭ ᠤᠨ ᠡᠯ᠎ᠡ ᠰᠠᠯᠠᠭ᠎ᠠ ᠮᠥᠴᠢᠷ ᠨᠢᠭᠡᠴᠢ ᠶᠢᠨ ᠬᠢᠨ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢᠨ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ᠂ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠪᠡᠶᠡᠯᠡᠭᠦᠯᠬᠦ ᠳᠤ ᠦᠵᠡᠭᠦᠯᠬᠦ ᠴᠢᠬᠤᠯᠠ ᠦᠢᠯᠡᠳᠦᠯ ᠢ ᠭᠦᠨᠵᠡᠭᠡᠢ ᠲᠠᠨᠢᠵᠤ᠂ ᠬᠥᠭᠵᠢᠯᠲᠡ ᠪᠠ ᠳᠤᠮᠳᠠᠳᠤ ᠤᠯᠤᠰ ᠤᠨ ᠣᠨᠴᠠᠯᠢᠭ ᠲᠠᠢ ᠤᠳᠤ ᠦᠶ᠎ᠡ ᠶᠢᠨ ᠠᠵᠤ ᠠᠬᠤᠶᠢᠯᠠᠯ ᠤᠨ ᠲᠦᠷᠢᠮ ᠢ ᠪᠦᠷᠢᠨᠰᠢᠬᠦᠯᠦᠨ ᠲᠡᠭᠦᠯᠳᠡᠷᠵᠢᠭᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠢ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠠᠵᠤ ᠠᠬᠤᠶ᠂ ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢᠨ ᠬᠠᠷᠠᠭᠠᠰᠤ ᠠᠴᠠ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ᠤᠨ ᠭᠦᠨᠵᠡᠭᠡᠶ ᠠᠭᠤᠯᠤᠭᠳᠠᠬᠤᠨ ᠢ ᠭᠦᠨᠵᠡᠭᠡᠶ ᠰᠤᠳᠤᠯᠤᠨ ᠤᠩᠰᠢᠵᠤ ᠣᠶᠢᠯᠠᠭᠠᠨ᠂ ᠪᠣᠳᠠᠲᠤ ᠪᠠᠶᠢᠳᠠᠯ ᠳᠤ ᠰᠠᠭᠤᠷᠢᠯᠠᠨ᠂ ᠳᠠᠪᠠᠭᠤᠯᠢᠭ ᠢᠶᠠᠨ ᠪᠠᠳᠠᠷᠠᠭᠤᠯᠤᠨ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠦᠲᠦᠭᠡᠯᠴᠢ ᠴᠢᠨᠠᠷᠲᠠᠶ ᠪᠠᠷ ᠬᠥᠭᠵᠢᠭᠦᠯᠬᠦ ᠬᠡᠷᠡᠭᠲᠡᠶ᠃ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾᠎ ᠤᠨ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ᠂ ᠱᠠᠭᠠᠷᠳᠠᠯᠭ᠎ᠠ ᠲᠠᠢ ᠬᠠᠷᠢᠴᠠᠭᠤᠯᠤᠨ ᠳᠤᠲᠠᠭᠤ ᠶᠢ ᠪᠠᠶᠢᠴᠠᠭᠠᠨ ᠨᠥᠬᠦᠪᠥᠷᠢᠯᠡᠵᠦ᠂ ᠬᠤᠲᠠ ᠬᠥᠳᠡᠭᠡ ᠶᠢ ᠨᠢᠭᠡ ᠴᠣᠭᠴᠠᠵᠢᠭᠤᠯᠤᠭᠰᠠᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠵᠠᠮ ᠤᠨ ᠳᠤᠲᠠᠭᠤᠳᠠᠯ ᠢ ᠪᠦᠬᠦ ᠲᠠᠯ᠎ᠠ ᠪᠠᠷ ᠨᠥᠬᠦᠪᠥᠷᠢᠯᠡᠬᠦ ᠬᠡᠷᠡᠭᠲᠡᠶ᠂ ᠡᠯ᠎ᠡ ᠰᠠᠯᠠᠭ᠎ᠠ ᠮᠥᠴᠢᠷ ᠨᠢᠭᠡᠴᠡ ᠠᠵᠢᠯ ᠳᠠᠭᠠᠨ ︽ᠳᠣᠲᠣᠷ᠎ᠠ ᠪᠠᠨ ᠲᠤᠭ᠎ᠠ ᠲᠠᠢ ᠪᠠᠶᠢᠬᠤ︾᠎ ᠶᠢ ᠦᠨᠡᠨᠬᠦ ᠪᠡᠶᠡᠯᠡᠭᠦᠯᠵᠦ᠂ ᠠᠵᠢᠯ ᠤᠨ ᠪᠣᠳᠠᠲᠤ ᠦᠷ᠎ᠡ ᠪᠦᠲᠦᠮᠵᠢ ᠶᠢ ᠢᠳᠡᠪᠬᠢᠲᠡᠶ ᠪᠠᠷ ᠪᠣᠯᠪᠠᠰᠤᠷᠠᠭᠤᠯᠤᠨ ᠳᠡᠭᠡᠭᠰᠢ ᠮᠡᠳᠡᠭᠦᠯᠬᠦ ᠬᠡᠷᠡᠭᠲᠡᠶ᠂ ᠡᠯ᠎ᠡ ᠱᠠᠲᠤᠨ ᠤ ᠤᠳᠤᠷᠢᠳᠬᠤ ᠺᠠᠳ᠋ᠷ ︽ᠨᠢᠭᠡ  ᠮᠦᠴᠡᠳᠤ ᠨᠡᠶᠢᠭᠡᠮ ᠲᠣᠭᠤᠷᠢᠭ ᠤᠨ ᠠᠮᠢᠳᠤᠷᠠᠯ ᠤᠨ ᠬᠦᠷᠢᠶ᠎ᠡ︾᠎ ᠶᠢ ᠪᠠᠶᠢᠭᠤᠯᠬᠤ ᠳᠦᠷᠰᠦ ᠪᠠᠶᠢᠳᠠᠯ ᠲᠠᠢ ᠪᠠᠶᠢᠵᠤ᠂ ᠪᠠᠶᠢᠩᠭᠤ ᠶᠢᠨ ᠪᠥᠭᠡᠳ ᠤᠷᠲᠤ ᠬᠤᠭᠤᠴᠠᠭᠠᠨ ᠤ ᠪᠦᠲᠦᠮᠵᠢᠲᠡᠶ ᠦᠷᠭᠦᠯᠵᠢᠯᠡᠬᠦ ᠶᠢ ᠪᠡᠶᠡᠯᠡᠭᠦᠯᠬᠦ ᠬᠡᠷᠡᠭᠲᠡᠶ᠂ ᠬᠠᠶᠢᠷᠤᠪ ᠤᠨ ᠲᠣᠬᠤᠢ ᠲᠣᠭᠤᠷᠢᠭ ᠤᠨ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠠᠵᠢᠯ ᠲᠥᠷᠥᠯ ᠤᠨ ᠡᠮᠬᠢ ᠳᠢᠭᠯᠢᠮ ᠢ ᠵᠢᠷᠤᠮᠵᠢᠭᠤᠯᠬᠤ ᠬᠡᠷᠡᠭᠲᠡᠶ᠂ ᠡᠯ᠎ᠡ ᠰᠠᠯᠠᠭ᠎ᠠ ᠮᠥᠴᠢᠷ ᠨᠢᠭᠡᠴᠡ ᠶᠢᠨ ᠬᠢᠨ ᠬᠦᠰᠡᠯᠡᠩ ᠢᠲᠡᠭᠡᠯ ᠪᠢᠰᠢᠷᠡᠯ ᠪᠣᠯᠤᠨ ᠤᠯᠤᠰ ᠲᠥᠷᠦ ᠶᠢᠨ ᠦᠨᠡᠨᠴᠢ ᠰᠢᠳᠤᠷᠭᠤ ᠪᠠᠶᠢᠬᠤ ᠬᠥᠮᠦᠵᠢᠯ ᠢ ᠴᠢᠩᠭᠠᠳᠬᠠᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ᠣᠯᠠᠨ ᠲᠦᠮᠡᠨ ᠳᠤ ᠦᠢᠯᠡᠴᠢᠯᠡᠬᠦ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠴᠢᠳᠠᠪᠤᠷᠢ ᠪᠠᠨ ᠭᠤᠤᠯᠳᠠᠯᠭ᠎ᠠ ᠲᠠᠢ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠪᠣᠳᠠᠲᠠᠶ ᠠᠵᠢᠯᠯᠠᠬᠤ ᠶᠢ ᠴᠢᠬᠤᠯᠠᠴᠢᠯᠠᠬᠤ᠂ ᠪᠣᠳᠠᠲᠤ ᠠᠮᠵᠢᠯᠲᠠ ᠶᠢ ᠴᠢᠬᠤᠯᠠᠴᠢᠯᠠᠬᠤ᠂ ᠬᠠᠷᠢᠭᠤᠴᠠᠯᠭ᠎ᠠ ᠡᠭᠦᠷᠭᠡᠯᠡᠬᠦ ᠶᠢ ᠪᠠᠷᠢᠮᠲᠠᠯᠠᠵᠤ᠂ ᠬᠥᠮᠦᠨ ᠰᠣᠩᠭᠤᠵᠤ ᠬᠥᠮᠦᠨ ᠬᠡᠷᠡᠭᠯᠡᠬᠦ ᠵᠥᠪ ᠤᠳᠤᠷᠢᠳᠤᠮᠵᠢ ᠶᠢ ᠪᠣᠶ ᠪᠣᠯᠭᠠᠬᠤ ᠬᠡᠷᠡᠭᠲᠡᠶ ᠭᠡᠵᠤ ᠬᠡᠯᠡᠪᠡ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号