ᠬᠠᠶᠢᠷᠤᠪ ᠤᠨ ᠲᠣᠬᠤᠶ ᠲᠣᠭᠤᠷᠢᠭ ᠤᠨ ᠮᠦᠽᠧᠶ ᠳᠤ ︽ᠰᠣᠶᠣᠯ ᠪᠠ ᠪᠠᠶᠢᠭᠠᠯᠢ ᠶᠢᠨ ᠥᠪ ᠤᠨ ᠡᠳᠦᠷ — ᠤᠭᠯᠠᠭᠤᠷᠭ᠎ᠠ ᠶᠢᠨ ᠪᠦᠲᠦᠴᠡ ᠶᠢ ᠬᠠᠶᠢᠨ ᠰᠦᠪᠡᠭᠴᠢᠯᠡᠬᠦ ᠵᠢᠭᠤᠯᠴᠢᠯᠠᠯ︾ ᠭᠡᠬᠦ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/19
    ᠥᠷᠭᠡᠨ ᠣᠯᠠᠨ ᠵᠠᠯᠠᠭᠤᠴᠤᠳ ᠪᠠᠭᠠᠴᠤᠳ ᠤᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠵᠤ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ ᠣᠶᠢᠷ᠎ᠠ ᠳᠤ᠂ ᠬᠠᠶᠢᠷᠤᠪ ᠤᠨ ᠲᠣᠬᠤᠶ ᠲᠣᠭᠤᠷᠢᠭ ᠤᠨ ᠮᠦᠽᠧᠶ ᠳᠤ ︽ᠰᠣᠶᠣᠯ ᠪᠠ ᠪᠠᠶᠢᠭᠠᠯᠢ ᠶᠢᠨ ᠥᠪ ᠤᠨ ᠡᠳᠦᠷ — ᠤᠭᠯᠠᠭᠤᠷᠭ᠎ᠠ ᠶᠢᠨ ᠪᠦᠲᠦᠴᠡ ᠶᠢ ᠬᠠᠶᠢᠨ ᠰᠦᠪᠡᠭᠴᠢᠯᠡᠬᠦ ᠵᠢᠭᠤᠯᠴᠢᠯᠠᠯ︾ ᠭᠡᠬᠦ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ᠃
    ᠲᠣᠰ ᠤᠳᠠᠭᠠᠨ ᠤ ᠠᠵᠢᠯᠯᠠᠭ᠎ᠠ ᠳᠤ ᠵᠠᠯᠠᠭᠤᠴᠤᠳ ᠪᠠᠭᠠᠴᠤᠳ ᠢ ᠣᠨᠴᠠᠭᠠᠶᠢᠯᠠᠨ ᠤᠷᠢᠵᠤ ᠤᠮᠠᠷᠠᠲᠤ ᠬᠢᠯᠢ ᠶᠢᠨ ᠬᠡᠷ ᠤᠨ ᠡᠳ᠋ᠯᠡᠯ ᠬᠡᠷᠡᠭᠰᠡᠯ ᠤᠨ ᠰᠣᠶᠣᠯ ᠤᠨ ᠮᠦᠽᠧᠶ ᠶᠢ ᠲᠣᠭᠤᠷᠢᠨ ᠦᠵᠡᠭᠦᠯᠵᠦ᠂ ᠣᠷᠳᠣᠨ ᠳᠤ ᠣᠨᠴᠠᠭᠠᠶᠢᠯᠠᠨ ᠤᠭᠯᠠᠭᠤᠷᠭ᠎ᠠ ᠶᠢᠨ ᠪᠦᠲᠦᠴᠡ ᠶᠢᠨ ᠦᠵᠡᠭᠦᠯᠭᠡ ᠶᠢᠨ ᠲᠣᠭᠤᠷᠢᠭ ᠪᠠᠶᠢᠭᠤᠯᠵᠤ᠂ ᠲᠣᠰ ᠣᠷᠣᠨ ᠪᠦᠰᠡ ᠨᠢ ᠵᠢᠷᠤᠭ ᠪᠢᠴᠢᠭ ᠢ ᠤᠶᠠᠯᠳᠤᠭᠤᠯᠬᠤ᠂ ᠪᠣᠳᠠᠲᠤ ᠪᠣᠳᠠᠰ ᠤᠨ ᠦᠵᠡᠭᠦᠯᠦᠯᠭᠡ ᠬᠢᠬᠦ ᠵᠡᠷᠭᠡ ᠣᠯᠠᠨ ᠵᠤᠶᠢᠯ ᠤᠨ ᠬᠡᠯᠪᠡᠷᠢ ᠪᠠᠷ ᠤᠭᠯᠠᠭᠤᠷᠭ᠎ᠠ ᠶᠢᠨ ᠪᠦᠲᠦᠴᠡ ᠶᠢᠨ ᠲᠡᠤᠬᠡ ᠶᠢᠨ ᠡᠬᠢ ᠰᠤᠷᠪᠤᠯᠵᠢ᠂ ᠨᠠᠷᠢᠯᠢᠭ ᠤᠶᠢᠯᠡᠤᠡᠬᠦ ᠤᠷ᠎ᠠ ᠮᠡᠷᠭᠡᠵᠢᠯ ᠵᠢᠴᠢ ᠬᠡᠷ ᠤᠨ ᠡᠳ᠋ᠯᠡᠯ ᠤᠨ ᠵᠢᠷᠤᠭ ᠲᠥᠯᠥᠪᠯᠡᠭᠡ ᠳᠠᠬᠢ ᠤᠷᠠᠨ ᠰᠠᠶᠢᠬᠠᠨ ᠬᠡᠷᠡᠭᠯᠡᠯᠲᠡ ᠶᠢ ᠨᠠᠷᠢᠨ ᠨᠢᠭᠲᠠ ᠢᠯᠡᠷᠡᠭᠦᠯᠪᠡ᠃ ᠠᠵᠢᠯᠯᠠᠭ᠎ᠠ ᠶᠢᠨ ᠳᠤᠮᠳᠠ᠂ ᠮᠦᠽᠧᠶ ᠶᠢᠨ ᠠᠵᠢᠯᠲᠠᠳ ᠵᠠᠯᠠᠭᠤᠴᠤᠳ ᠪᠠᠭᠠᠴᠤᠳ ᠲᠤ ᠤᠭᠯᠠᠭᠤᠷᠭ᠎ᠠ ᠶᠢᠨ ᠪᠦᠲᠦᠴᠡ ᠶᠢᠨ ᠦᠨᠳᠦᠰᠦᠨ ᠤᠭ ᠶᠣᠰᠣ ᠪᠠ ᠤᠷ᠎ᠠ ᠮᠡᠷᠭᠡᠵᠢᠯ ᠢ ᠲᠠᠶᠢᠯᠪᠤᠷᠢᠯᠠᠨ ᠥᠭᠴᠦ᠂ ᠣᠯᠠᠨ ᠢᠶᠠᠷ ᠢᠶᠠᠨ ᠤᠭᠯᠠᠭᠤᠷᠭ᠎ᠠ ᠶᠢᠨ ᠪᠦᠲᠦᠴᠡ ᠶᠢᠨ ᠥᠪᠡᠷᠮᠢᠴᠡ ᠪᠦᠲᠦᠴᠡ ᠶᠢ ᠪᠠᠷᠤᠭ ᠠᠵᠢᠭᠯᠠᠵᠤ᠂ ᠳᠠᠷᠠᠭ᠎ᠠ ᠨᠢ ᠯᠦ ᠪᠠᠨ ᠣᠨᠢᠰᠤᠯᠠᠬᠤ᠂ ᠭᠤᠯᠳᠤᠩ ᠬᠥᠭᠦᠷᠭᠡ ᠪᠠᠶᠢᠭᠤᠯᠬᠤ ᠵᠡᠷᠭᠡ ᠬᠠᠷᠢᠯᠴᠠᠨ ᠬᠥᠳᠡᠯᠦᠯᠴᠡᠬᠦ ᠭᠤᠭᠴᠤᠭ᠎ᠠ ᠪᠠᠷ ᠳᠠᠮᠵᠢᠭᠤᠯᠤᠨ᠂ ᠤᠭᠯᠠᠭᠤᠷᠭ᠎ᠠ ᠶᠢᠨ ᠪᠦᠲᠦᠴᠡ ᠶᠢᠨ ᠨᠠᠷᠢᠯᠢᠭ ᠰᠠᠶᠢᠬᠠᠨ ᠲᠠᠯ᠎ᠠ ᠶᠢ ᠣᠶᠢᠯᠠᠭᠠᠪᠠ᠃
    ᠪᠣᠳᠠᠰ ᠤᠨ ᠪᠤᠰᠤ ᠰᠣᠶᠣᠯ ᠤᠨ ᠥᠪ ᠪᠣᠯ ᠮᠠᠨ ᠤ ᠦᠨᠳᠦᠰᠦᠲᠡᠨ ᠤ ᠦᠨᠡᠲᠦ ᠡᠷᠳᠡᠨᠢ ᠮᠥᠨ᠂ ᠲᠡᠦᠬᠡ ᠶᠢᠨ ᠭᠡᠷᠡᠴᠢ ᠮᠥᠨ᠂ ᠰᠣᠶᠣᠯ ᠤᠨ ᠤᠯᠠᠮᠵᠢᠯᠠᠯ ᠮᠥᠨ᠃ ᠲᠣᠰ ᠤᠳᠠᠭᠠᠨ ᠤ ᠠᠵᠢᠯᠯᠠᠭ᠎ᠠ ᠶᠢ ᠡᠷᠭᠢᠯᠡᠭᠰᠡᠨ ᠨᠢ ᠵᠠᠯᠠᠭᠤᠴᠤᠳ ᠪᠠᠭᠠᠴᠤᠳ ᠲᠤ ᠤᠯᠠᠮᠵᠢᠯᠠᠯᠲᠤ ᠰᠣᠶᠣᠯ ᠢ ᠰᠤᠷᠤᠯᠴᠠᠬᠤ ᠪᠠ ᠤᠯᠠᠮᠵᠢᠯᠠᠨ ᠵᠠᠯᠭᠠᠮᠵᠢᠯᠠᠬᠤ ᠲᠠᠪᠴᠠᠩ ᠬᠠᠩᠭᠠᠭᠰᠠᠨ ᠢᠶᠠᠷ ᠪᠠᠷᠠᠬᠤ ᠦᠭᠡᠢ᠂ ᠪᠠᠰᠠ ᠣᠯᠠᠨ ᠢᠶᠠᠷ ᠢᠶᠠᠨ ᠡᠨᠡ ᠬᠦ ᠤᠯᠠᠮᠵᠢᠯᠠᠯᠲᠤ ᠭᠠᠷ ᠤᠷᠠᠯᠠᠯ ᠤᠨ ᠲᠤᠬᠠᠶ ᠨᠠᠩ ᠭᠦᠨᠵᠡᠭᠡᠶ ᠲᠠᠨᠢᠯᠲᠠ ᠲᠠᠢ ᠪᠣᠯᠭᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠪᠠ ᠪᠣᠯᠪᠠᠰᠤᠨ ᠢᠶᠠᠷ ᠤᠯᠠᠮᠵᠢᠯᠠᠨ ᠵᠠᠯᠭᠠᠮᠵᠢᠯᠠᠬᠤ ᠠᠴᠢ ᠬᠤᠯᠪᠣᠭᠳᠠᠯ ᠢ ᠣᠶᠢᠯᠠᠭᠠᠭᠤᠯᠤᠭᠰᠠᠨ ᠪᠠᠶᠢᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号