︽ᠡᠮ ᠤᠨ ᠳᠡᠯᠭᠡᠭᠦᠷ ᠤᠨ ᠬᠠᠷᠢᠴᠠᠭᠤᠯᠤᠯ ᠦᠨ᠎ᠡ︾᠎ ᠶᠢᠨ ᠦᠢᠯᠡᠴᠢᠯᠡᠭᠡ ᠰᠦᠯᠵᠢᠶᠠᠨ ᠳᠤ ᠭᠠᠷᠪᠠ
ᠨᠡᠶᠢᠲᠡᠯᠡᠭᠰᠡᠨ ᠴᠠᠭ᠄
2024/6/19
    ᠣᠯᠠᠨ ᠲᠦᠮᠡᠨ ᠤ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠰᠣᠩᠭᠤᠬᠤ ᠡᠷᠬᠡ ᠶᠢ ᠨᠠᠩ ᠰᠠᠶᠢᠲᠤᠷ ᠬᠠᠮᠠᠭᠠᠯᠠᠵᠤ᠂ ᠣᠯᠠᠨ ᠲᠦᠮᠡᠨ ᠳᠤ ᠨᠠᠩ ᠲᠥᠬᠦᠮ ᠪᠥᠭᠡᠳ ᠴᠢᠨᠠᠷ ᠰᠠᠶᠢᠲᠠᠶ ᠡᠮ ᠡᠮᠨᠡᠯᠭᠡ ᠶᠢᠨ ᠦᠢᠯᠡᠴᠢᠯᠡᠭᠡ ᠬᠦᠷᠲᠡᠭᠡᠬᠦ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠮᠡᠳᠡᠭᠡ ᠵᠠᠩᠭᠢ ᠶᠢᠨ ᠲᠠᠪᠴᠠᠩ ᠢ ᠭᠦᠢᠴᠡᠤᠡ ᠠᠰᠢᠭᠯᠠᠭᠰᠠᠨ ᠰᠠᠭᠤᠷᠢᠨ ᠳᠡᠭᠡᠷ᠎ᠡ ᠴᠢᠳᠠᠮᠵᠢ ᠶᠢ ᠥᠷᠭᠡᠳᠬᠡᠬᠦ ᠪᠠ ᠤᠶᠢᠯᠡᠴᠢᠯᠡᠭᠡ ᠪᠠᠨ ᠰᠢᠯᠢᠳᠡᠭᠵᠢᠭᠦᠯᠵᠦ᠂ ᠥᠪᠥᠷ ᠮᠣᠩᠭᠤᠯ ᠤᠨ ᠡᠮ ᠡᠮᠨᠡᠯᠭᠡ ᠶᠢᠨ ᠳᠠᠭᠠᠳᠬᠠᠯ ᠤᠨ APP ᠳᠡᠭᠡᠷᠡᠬᠢ ︽ᠡᠮ ᠤᠨ ᠳᠡᠯᠭᠡᠭᠦᠷ ᠤᠨ ᠬᠠᠷᠢᠴᠠᠭᠤᠯᠤᠯ ᠦᠨ᠎ᠡ︾᠎ ᠶᠢᠨ ᠦᠢᠯᠡᠴᠢᠯᠡᠭᠡ ᠪᠠᠨ ᠰᠢᠯᠢᠳᠡᠭᠵᠢᠭᠦᠯᠵᠦ᠂ ᠣᠯᠠᠨ ᠲᠦᠮᠡᠨ ᠭᠠᠷ ᠤᠲᠠᠰᠤᠨ ᠳᠡᠭᠡᠷ᠎ᠡ ᠨᠢᠭᠡ ᠳᠠᠷᠤᠪᠴᠢ ᠪᠠᠷ ᠪᠠᠶᠢᠴᠠᠭᠠᠨ ᠯᠠᠪᠯᠠᠵᠤ᠂ ᠴᠠᠭ ᠲᠤᠬᠠᠶ ᠳᠤᠨᠢ ᠡᠮ ᠤᠨ ᠵᠤᠶᠢᠯ ᠤᠨ ᠦᠨ᠎ᠡ ᠬᠠᠩᠰᠢ ᠶᠢ ᠬᠠᠷᠭᠤᠭᠤᠯᠵᠤ᠂ ᠡᠮ ᠤᠨ ᠵᠤᠶᠢᠯ ᠤᠨ ᠦᠨ᠎ᠡ ᠬᠠᠩᠰᠢ ᠶᠢ ᠨᠠᠩ ᠢᠯᠡ ᠲᠣᠳᠣ ᠪᠣᠯᠭᠠᠬᠤ ᠶᠢ ᠠᠬᠢᠭᠤᠯᠵᠤ ᠪᠣᠯᠤᠨ᠎ᠠ᠃   ᠨᠢᠭᠡ᠂ ᠦᠨ᠎ᠡ ᠬᠠᠩᠰᠢ ᠶᠢ ᠬᠠᠷᠢᠴᠠᠭᠤᠯᠬᠤ ᠦᠢᠯᠡᠴᠢᠯᠡᠭᠡ ᠬᠠᠩᠭᠠᠵᠤ᠂ ᠣᠯᠠᠨ ᠲᠦᠮᠡᠨ ᠤ ᠰᠣᠩᠭᠤᠯᠲᠠ ᠳᠤ ᠲᠥᠬᠦᠮ ᠦᠵᠡᠭᠦᠯᠦᠨ᠎ᠡ   ᠣᠳᠣᠬᠠᠨ ᠳᠤ᠂ ᠪᠥᠬᠦ ᠣᠷᠣᠨ ᠤ ᠡᠮ ᠤᠨ ᠳᠡᠯᠭᠡᠭᠦᠷ ᠤᠨ 1.7 ᠲᠦᠮᠡᠨ ᠡᠮ ᠤᠨ ᠳᠡᠯᠭᠡᠭᠦᠷ ᠤᠨ ᠮᠡᠳᠡᠭᠡ ᠵᠠᠩᠭᠢ ᠶᠢ ᠪᠦᠬᠦᠨ ᠢ ᠥᠪᠥᠷ ᠮᠣᠩᠭᠤᠯ ᠤᠨ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯ ᠤᠨ ᠦᠨ᠎ᠡ ᠶᠢᠨ ᠬᠡᠪᠴᠢᠶᠡᠨ ᠳᠤ ᠣᠷᠣᠭᠤᠯᠪᠠ᠃ ︽ᠡᠮ ᠤᠨ ᠳᠡᠯᠭᠡᠭᠦᠷ ᠤᠨ ᠬᠠᠷᠢᠴᠠᠭᠤᠯᠤᠯ ᠦᠨ᠎ᠡ︾᠎ ᠶᠢᠨ ᠲᠤᠭ᠎ᠠ ᠪᠠᠷᠢᠮᠲᠠ ᠠᠴᠠ ᠢᠷᠡᠯᠲᠡ ᠲᠠᠢ ᠪᠣᠯ ᠲᠣᠭᠲᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠡᠮ ᠡᠮᠨᠡᠯᠭᠡ ᠶᠢᠨ ᠳᠠᠭᠠᠳᠬᠠᠯ ᠤᠨ ᠦᠨᠡᠨ ᠪᠣᠳᠠᠲᠠᠶ ᠳ᠋ᠦᠩᠨᠡᠨ ᠪᠣᠳᠣᠭᠰᠠᠨ ᠮᠡᠳᠡᠭᠡ ᠵᠠᠩᠭᠢ ᠠᠴᠠ ᠢᠷᠡᠯᠲᠡ ᠲᠠᠢ ᠪᠠᠶᠢᠵᠤ᠂ ᠡᠮ ᠤᠨ ᠳᠡᠯᠭᠡᠭᠦᠷ ᠤᠨ ᠣᠶᠢᠷ᠎ᠠ ᠶᠢᠨ ᠨᠢᠭᠡ ᠤᠳᠠᠭᠠᠨ ᠤ ᠪᠣᠷᠣᠯᠠᠭᠤᠯᠬᠤ ᠡᠮ ᠤᠨ ᠵᠦᠢᠯ ᠤᠨ ᠦᠨ᠎ᠡ ᠬᠠᠩᠰᠢ ᠪᠠᠷ ᠬᠠᠷᠢᠴᠠᠭᠤᠯᠤᠯ ᠦᠨ᠎ᠡ ᠶᠢᠨ ᠭᠦᠢᠴᠡᠳᠬᠡᠯ ᠲᠤᠭ᠎ᠠ ᠪᠣᠯᠭᠠᠵᠤ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ ᠭᠠᠷ ᠤᠲᠠᠰᠤᠨ ᠳᠡᠭᠡᠷ᠎ᠡ ᠡᠮ ᠤᠨ ᠵᠦᠢᠯ ᠤᠨ ᠦᠨ᠎ᠡ ᠬᠠᠩᠰᠢ ᠶᠢ ᠳᠥᠭᠦᠮ ᠳᠥᠲᠡ ᠪᠥᠭᠡᠳ ᠴᠠᠭ ᠲᠤᠬᠠᠶ ᠳᠤᠨᠢ ᠪᠠᠶᠢᠴᠠᠭᠠᠨ ᠯᠠᠪᠯᠠᠬᠤ ᠶᠢ ᠪᠡᠶᠡᠯᠡᠭᠦᠯᠵᠦ᠂ ᠣᠯᠠᠨ ᠲᠦᠮᠡᠨ ᠤ ᠪᠡᠶ᠎ᠡ ᠪᠠᠨ ᠳᠠᠭᠠᠭᠠᠵᠤ ᠬᠠᠷᠢᠴᠠᠭᠤᠯᠬᠤ᠂ ᠡᠵᠡᠨ ᠮᠡᠳᠡᠵᠦ ᠰᠣᠩᠭᠤᠬᠤ ᠳᠤ ᠲᠥᠬᠦᠮ ᠪᠣᠯᠭᠠᠪᠠ᠃    ᠬᠤᠶᠠᠷ᠂ ᠳᠥᠭᠦᠮ ᠳᠥᠲᠡ ᠪᠠᠶᠢᠴᠠᠭᠠᠨ ᠯᠠᠪᠯᠠᠬᠤ ᠳᠤ ᠳᠥᠭᠦᠮ ᠦᠵᠡᠭᠦᠯᠦᠨ᠎ᠡ    ᠳᠠᠭᠠᠳᠬᠠᠯ ᠳᠤ ᠣᠷᠣᠯᠴᠠᠭᠰᠠᠳ ᠲᠦᠢᠯ ᠤᠨ ᠳᠥᠭᠦᠮ ᠪᠠ ᠠᠰᠠᠷᠠᠮᠵᠢ ᠶᠢ ᠬᠡᠷᠡᠭᠯᠡᠵᠦ ᠪᠠᠶᠢᠨ᠎ᠠ᠂ ᠵᠥᠪᠬᠡᠨ ᠭᠤᠷᠪᠠᠨ ᠠᠯᠬᠤᠮ ᠬᠡᠷᠡᠭᠰᠡᠪᠡᠯ ᠳᠠᠷᠤᠶ ᠪᠠᠶᠢᠴᠠᠭᠠᠨ ᠯᠠᠪᠯᠠᠬᠤ ᠶᠢ ᠪᠡᠶᠡᠯᠡᠭᠦᠯᠵᠦ ᠪᠣᠯᠤᠨ᠎ᠠ᠂ ᠨᠢᠭᠡᠳᠦᠭᠡᠷ ᠠᠯᠬᠤᠮ ᠳᠤ᠂ ᠳᠠᠭᠠᠳᠬᠠᠯ ᠳᠤ ᠣᠷᠣᠯᠴᠠᠭᠰᠠᠳ ᠡᠷᠬᠡ ᠣᠯᠭᠤᠨ ᠳᠠᠩᠰᠠᠯᠠᠭᠰᠠᠨ ᠤ ᠳᠠᠷᠠᠭ᠎ᠠ ︽ᠥᠪᠥᠷ ᠮᠣᠩᠭᠤᠯ ᠤᠨ ᠡᠮ ᠡᠮᠨᠡᠯᠭᠡ ᠶᠢᠨ ᠳᠠᠭᠠᠳᠬᠠᠯ ᠤᠨ APP︾᠎ ᠳᠤ ᠣᠷᠣᠵᠤ᠂ ᠲᠦᠷᠦᠭᠦᠤ ᠨᠢᠭᠤᠷ ᠤᠨ ︽ᠬᠠᠯᠠᠭᠤᠨ ᠴᠡᠭ ᠠᠴᠠ ᠪᠠᠶᠢᠴᠠᠭᠠᠨ ᠯᠠᠪᠯᠠᠬᠤ︾ ᠪᠤᠯᠤᠩ ᠳᠤ ᠡᠮ ᠤᠨ ᠳᠡᠯᠭᠡᠭᠦᠷ ᠤᠨ ᠬᠠᠷᠢᠴᠠᠭᠤᠯᠤᠯ ᠦᠨ᠎ᠡ ᠶᠢᠨ ᠦᠢᠯᠡᠴᠢᠯᠡᠭᠡ ᠶᠢ ᠡᠷᠢᠵᠦ ᠪᠣᠯᠤᠨ᠎ᠠ︔ ᠬᠤᠶᠠᠳᠤᠭᠠᠷ ᠠᠯᠬᠤᠮ ᠳᠤ᠂ ᠬᠠᠶᠢᠨ ᠡᠷᠢᠬᠦ ᠪᠤᠯᠤᠩ ᠳᠤ ᠪᠠᠶᠢᠴᠠᠭᠠᠨ ᠯᠠᠪᠯᠠᠬᠤ ᠡᠮ ᠤᠨ ᠵᠦᠢᠯ ᠤᠨ ᠨᠡᠷᠡᠶᠢᠳᠦᠯ ᠢ ᠣᠷᠣᠭᠤᠯᠵᠤ᠂ ᠬᠢᠮᠢ ᠶᠢᠨ ᠨᠡᠷ᠎ᠡ ᠪᠠ ᠲᠠᠸᠠᠷ ᠤᠨ ᠨᠡᠷ᠎ᠡ ᠶᠢ ᠡᠷᠢᠵᠦ᠂ ᠳᠠᠷᠤᠶ ᠲᠤᠰ ᠡᠮ ᠤᠨ ᠵᠦᠢᠯ ᠤᠨ ᠠᠳᠠᠯᠢ ᠪᠤᠰᠤ ᠦᠢᠯᠡᠳᠪᠦᠷᠢ᠂ ᠠᠳᠠᠯᠢ ᠪᠤᠰᠤ ᠬᠡᠮᠵᠢᠶ᠎ᠡ᠂ ᠠᠳᠠᠯᠢ ᠪᠤᠰᠤ ᠡᠮ ᠤᠨ ᠬᠡᠯᠪᠡᠷᠢ ᠶᠢᠨ ᠦᠢᠯᠡᠳᠬᠦᠨ ᠤ ᠮᠡᠳᠡᠭᠡ ᠵᠠᠩᠭᠢ ᠶᠢ ᠪᠠᠶᠢᠴᠠᠭᠠᠨ ᠦᠵᠡᠵᠦ ᠪᠣᠯᠤᠨ᠎ᠠ︔ ᠭᠤᠷᠪᠠᠳᠤᠭᠠᠷ ᠠᠯᠬᠤᠮ ᠳᠤ᠂ ᠦᠨ᠎ᠡ ᠠᠳᠠᠯᠢᠳᠬᠠᠬᠤ ᠡᠮ ᠤᠨ ᠵᠦᠢᠯ ᠢ ᠰᠣᠩᠭᠤᠭᠰᠠᠨ ᠤ ᠳᠠᠷᠠᠭ᠎ᠠ᠂ ᠳᠠᠷᠤᠶ ᠲᠣᠰ ᠡᠮ ᠤᠨ ᠵᠦᠢᠯ ᠤᠨ ᠠᠳᠠᠯᠢ ᠪᠤᠰᠤ ᠲᠣᠭᠲᠠᠭᠰᠠᠨ ᠡᠮ ᠤᠨ ᠳᠡᠯᠭᠡᠭᠦᠷ ᠲᠠᠬᠢ ᠦᠨ᠎ᠡ ᠬᠠᠩᠰᠢ ᠶᠢ ᠯᠠᠪᠯᠠᠵᠤ ᠪᠣᠯᠤᠨ᠎ᠠ᠃ ᠡᠮ ᠤᠨ ᠦᠨ᠎ᠡ ᠶᠢ ᠯᠠᠪᠯᠠᠨ ᠠᠰᠠᠭᠤᠭᠰᠠᠨ ᠤ ᠳᠠᠷᠠᠭ᠎ᠠ᠂ ᠡᠮ ᠤᠨ ᠳᠡᠯᠭᠡᠭᠦᠷ ᠲᠠᠢ ᠬᠠᠷᠢᠯᠴᠠᠬᠤ ᠶᠢ ᠰᠣᠩᠭᠤᠵᠤ᠂ ᠤᠲᠠᠰᠤ ᠪᠠᠷ ᠡᠮ ᠤᠨ ᠳᠡᠯᠭᠡᠭᠦᠷ ᠤᠨ ᠡᠮ ᠤᠨ ᠵᠦᠢᠯ ᠤᠨ ᠨᠠᠷᠢᠨ ᠪᠠᠶᠢᠳᠠᠯ ᠢ ᠣᠶᠢᠯᠠᠭᠠᠵᠤ ᠪᠣᠯᠤᠨ᠎ᠠ᠂ ︽ᠳᠠᠷᠤᠶ ᠲᠦᠷᠭᠡᠨ ᠵᠠᠮᠴᠢᠯᠠᠬᠤ︾᠎ ᠶᠢ ᠳᠠᠷᠤᠵᠤ ᠪᠣᠯᠤᠨ᠎ᠠ᠂ ᠳᠠᠷᠤᠶ ᠣᠨᠣᠪᠴᠢᠲᠠᠶ ᠡᠮ ᠤᠨ ᠳᠡᠯᠭᠡᠭᠦᠷ ᠲᠤ ᠬᠦᠷᠴᠦ ᠡᠮ ᠬᠤᠳᠠᠯᠳᠤᠨ ᠠᠪᠴᠤ ᠪᠣᠯᠤᠨ᠎ᠠ᠃    ᠭᠤᠷᠪᠠ᠂ ᠦᠨ᠎ᠡ ᠬᠠᠩᠰᠢ ᠶᠢ ᠢᠯᠡ ᠲᠣᠳᠣ ᠪᠠᠶᠢᠯᠭᠠᠵᠤ ᠦᠢᠯᠡᠴᠢᠯᠡᠭᠡ ᠶᠢ ᠠᠬᠢᠭᠤᠯᠵᠤ᠂ ᠣᠯᠠᠨ ᠲᠦᠮᠡᠨ ᠤ ᠳᠠᠷᠤᠭᠠᠰᠤ ᠶᠢ ᠬᠥᠩᠭᠡᠯᠡᠵᠦ ᠲᠥᠷᠥᠭᠳᠡᠯ ᠢ ᠨᠡᠮᠡᠭᠳᠡᠭᠦᠯᠬᠦ ᠳᠤ ᠳᠥᠭᠦᠮ ᠦᠵᠡᠭᠦᠯᠦᠨ᠎ᠡ    ᠡᠮ ᠤᠨ ᠳᠡᠯᠭᠡᠭᠦᠷ ᠤᠨ ᠬᠠᠷᠢᠴᠠᠭᠤᠯᠤᠯ ᠦᠨ᠎ᠡ ᠶᠢᠨ ᠤᠶᠢᠯᠡᠴᠢᠯᠡᠭᠡ ᠰᠦᠯᠵᠢᠶᠡᠨ ᠳᠤ  ᠭᠠᠷᠤᠭᠰᠠᠨ ᠨᠢ᠂ ᠡᠮ ᠤᠨ ᠵᠦᠢᠯ ᠤᠨ ᠦᠨ᠎ᠡ ᠬᠠᠩᠰᠢ ᠶᠢᠨ ᠢᠯᠡ ᠲᠣᠳᠣ ᠶᠢᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠳᠠᠭᠠᠳᠬᠠᠯ ᠳᠤ ᠣᠷᠣᠯᠴᠠᠭᠰᠠᠳ ᠤᠨ ᠳᠠᠷᠤᠭᠠᠰᠤ ᠶᠢ ᠪᠠᠭᠤᠷᠠᠭᠤᠯᠵᠤ᠂ ᠢᠯᠠᠩᠭᠤᠶ᠎ᠠ ᠤᠳᠠᠭᠠᠨ ᠴᠢᠨᠠᠷᠲᠠᠶ ᠡᠪᠡᠳᠴᠢᠨ ᠪᠠ ᠣᠷᠳᠣ ᠬᠤᠭᠤᠴᠠᠭ᠎ᠠ ᠪᠠᠷ ᠡᠮ ᠬᠡᠷᠡᠭᠯᠡᠭᠰᠡᠨ ᠡᠪᠡᠳᠴᠢᠲᠡᠨ ᠤ ᠬᠦᠷᠲᠡᠮᠵᠢ ᠶᠢᠨ ᠲᠥᠷᠥᠭᠳᠡᠯ ᠨᠠᠩ ᠭᠦᠢᠴᠡᠳ ᠪᠣᠯᠤᠨ᠎ᠠ᠃ ᠡᠭᠦᠨ ᠠᠴᠠ ᠭᠠᠳᠠᠨ᠎ᠠ᠂ ᠪᠠᠰᠠ ᠴᠡᠭ ᠲᠣᠭᠲᠠᠭᠠᠭᠰᠠᠨ ᠡᠮ ᠤᠨ ᠳᠡᠯᠭᠡᠭᠦᠷ ᠤᠨ ᠪᠣᠷᠣᠯᠠᠭᠤᠯᠭ᠎ᠠ ᠶᠢᠨ ᠠᠷᠭ᠎ᠠ ᠪᠣᠳᠣᠯᠭ᠎ᠠ ᠶᠢ ᠰᠢᠯᠢᠳᠡᠭᠵᠢᠭᠦᠯᠬᠦ ᠶᠢ ᠠᠬᠢᠭᠤᠯᠵᠤ᠂ ᠡᠮ ᠤᠨ ᠵᠦᠢᠯ ᠤᠨ ᠦᠨ᠎ᠡ ᠬᠠᠩᠰᠢ ᠶᠢ ᠵᠦᠶ ᠵᠣᠬᠢᠰᠲᠠᠶ ᠳᠣᠭᠢᠷᠠᠭᠤᠯᠤᠨ᠂ ᠲᠣᠰ ᠪᠡᠶ᠎ᠡ ᠶᠢᠨ ᠥᠷᠢᠰᠥᠯᠳᠦᠬᠦ ᠬᠦᠴᠦᠨ ᠢ ᠳᠡᠭᠡᠭᠰᠢᠯᠡᠭᠦᠯᠬᠦ ᠪᠠᠷ ᠡᠮ ᠤᠨ ᠵᠦᠢᠯ ᠤᠨ ᠦᠨ᠎ᠡ ᠬᠠᠩᠰᠢ ᠶᠢᠨ ᠵᠦᠶ ᠵᠣᠬᠢᠰᠲᠠᠶ ᠪᠤᠴᠠᠵᠤ ᠢᠷᠡᠬᠦ ᠶᠢ ᠳᠥᠯᠭᠢᠨ ᠠᠬᠢᠭᠤᠯᠵᠤ᠂ ᠡᠮ ᠡᠮᠨᠡᠯᠭᠡ ᠶᠢᠨ ᠡᠬᠢ ᠪᠠᠶᠠᠯᠢᠭ ᠢ ᠰᠢᠯᠢᠳᠡᠭᠵᠢᠭᠦᠯᠦᠨ ᠳᠣᠭᠢᠷᠠᠭᠤᠯᠬᠤ ᠶᠢ ᠠᠬᠢᠭᠤᠯᠵᠤ᠂ ᠡᠮ ᠡᠮᠨᠡᠯᠭᠡ ᠶᠢᠨ ᠠᠵᠢᠯ ᠲᠥᠷᠥᠯ ᠤᠨ ᠪᠦᠬᠦᠯᠢ ᠴᠣᠭᠴᠠ ᠶᠢᠨ ᠦᠷ᠎ᠡ ᠪᠦᠲᠦᠮᠵᠢ ᠪᠠ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠡᠮ ᠤᠨ ᠵᠦᠢᠯ ᠤᠨ ᠵᠠᠬ᠎ᠠ ᠳᠡᠯᠭᠡᠭᠦᠷ ᠤᠨ ᠲᠥᠪ ᠭᠤᠤᠯᠴᠢ ᠰᠠᠶᠢᠨ ᠰᠠᠶᠢᠬᠠᠨ ᠥᠷᠢᠰᠥᠯᠳᠦᠭᠡᠨ ᠢ ᠠᠬᠢᠭᠤᠯᠬᠤ ᠪᠣᠯᠤᠨ᠎ᠠ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号