ᠬᠠᠶᠢᠷᠤᠪ ᠤᠨ ᠲᠣᠬᠤᠢ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠪᠦᠬᠦ ᠬᠦᠴᠦᠨ ᠢᠶᠠᠷ ᠲᠦᠯᠬᠢᠨ ᠠᠬᠢᠭᠤᠯᠪᠠ
ᠨᠡᠶᠢᠲᠡᠯᠡᠭᠰᠡᠨ ᠴᠠᠭ᠄
2024/6/21
    ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠬᠦ ᠲᠠᠯ᠎ᠠ ᠪᠠᠷ ᠲᠤᠤᠱᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ︽ᠬᠠᠶᠢᠷᠤᠪ ᠤᠨ ᠲᠣᠬᠤᠢ ᠲᠣᠭᠤᠷᠢᠭ ᠤᠨ ᠲᠠᠪᠤᠨ ᠶᠡᠭᠡ ᠡᠭᠦᠷᠭᠡ ᠶᠢᠨ ᠬᠤᠶᠠᠳᠤᠭᠠᠷ ᠤᠳᠠᠭᠠᠨ ᠤ ᠬᠤᠷᠠᠯ ᠵᠢᠴᠢ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠠᠬᠢᠭᠤᠯᠬᠤ ᠪᠠᠶᠢᠷᠢᠯᠠᠭᠤᠯᠤᠯᠲᠠ ᠶᠢᠨ ᠬᠤᠷᠠᠯ︾᠎ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ᠬᠠᠶᠢᠷᠤᠪ ᠤᠨ ᠲᠣᠬᠤᠢ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ︽ᠨᠡᠭᠡᠭᠡᠯᠲᠡ ᠶᠢ ᠶᠡᠬᠡᠪᠡᠷ ᠠᠳᠬᠤᠵᠤ᠂ ᠬᠤᠳᠠᠯᠳᠤᠭᠠᠴᠢᠨ ᠤᠷᠢᠬᠤ ᠶᠢ ᠶᠡᠬᠡᠪᠡᠷ ᠠᠳᠬᠤᠬᠤ︾ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠢᠳᠡᠪᠬᠢᠲᠡᠢ ᠥᠷᠨᠢᠭᠦᠯᠪᠡ᠃
34370_700x700.jpg   
    ᠣᠶᠢᠷ᠎ᠠ ᠶᠢᠨ ᠬᠤᠭᠤᠴᠠᠭᠠᠨ ᠳᠤ᠂ ᠮᠠᠨ ᠤ ᠲᠣᠪᠴᠢᠶ᠎ᠠ ᠲᠣᠰ ᠪᠡᠶ᠎ᠡ ᠶᠢᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢᠨ ᠲᠣᠭᠤᠷᠢᠨ ᠳᠤ ᠡᠭᠦᠷᠭᠡ ᠴᠢᠳᠠᠪᠤᠷᠢ ᠶᠢᠨ ᠳᠠᠪᠠᠭᠤᠯᠢᠭ ᠢᠶᠠᠨ ᠭᠦᠢᠴᠡᠤᠡ ᠠᠰᠢᠭᠯᠠᠨ ᠬᠠᠮᠢᠶ᠎ᠠ ᠪᠥᠬᠦᠶ ᠠᠵᠤ ᠤᠶᠢᠯᠡᠰ ᠤᠨ ᠬᠤᠳᠠᠯᠳᠤᠭᠠᠴᠢᠨ ᠤᠷᠢᠬᠤ ᠲᠥᠷᠥᠯ ᠵᠤᠶᠢᠯ ᠢ ᠢᠳᠡᠪᠬᠢᠲᠡᠶ ᠶᠠᠷᠢᠯᠴᠠᠵᠤ᠂ ᠭᠠᠳᠠᠷ ᠣᠷᠣᠨ ᠤ ᠰᠢᠯᠢᠳᠡᠭ ᠠᠵᠤ ᠠᠬᠤᠶᠢᠯᠠᠯ ᠲᠠᠢ ᠪᠠᠯᠠ ᠣᠷᠣᠭᠤᠯᠤᠯᠲᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠣᠭᠲᠠᠵᠤ᠂ ᠬᠠᠮᠲᠤ ᠪᠠᠷ ᠨᠥᠬᠦᠷᠰᠡᠭ ᠬᠥᠭᠵᠢᠯᠲᠡ ᠶᠢ ᠪᠣᠯᠵᠣᠨ ᠲᠣᠭᠲᠠᠵᠤ᠂ ᠮᠠᠨ ᠤ ᠲᠤᠭᠤᠷᠢᠭ ᠤᠨ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠬᠤ ᠳᠤ ᠵᠣᠬᠢᠬᠤ ᠬᠥᠭᠵᠢᠯᠲᠡ ᠶᠢᠨ ᠰᠠᠭᠤᠷᠢ ᠶᠢ ᠲᠠᠯᠪᠢᠵᠤ ᠥᠭᠪᠡ᠃    ᠲᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠷᠭᠦᠯᠵᠢᠯᠡᠨ ᠴᠢᠩᠭᠠᠳᠬᠠᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠢ ᠬᠦᠴᠦᠲᠡᠶ ᠳᠥᠯᠭᠢᠨ ᠠᠬᠢᠭᠤᠯᠬᠤ ᠶᠢᠨ ᠬᠠᠮᠲᠤ ᠠᠷᠠᠯᠵᠢᠶᠡᠴᠢᠨ ᠢ ᠳᠣᠲᠣᠨᠣᠴᠢᠯᠠᠬᠤ ᠴᠢᠩᠭ᠎ᠠ ᠤᠬᠠᠮᠰᠠᠷ ᠢ ᠪᠣᠶ ᠪᠣᠯᠭᠠᠵᠤ᠂ ᠵᠠᠰᠠᠭ ᠵᠠᠬᠢᠷᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠡᠷᠬᠡ ᠲᠡᠭᠰᠢ ᠪᠠᠷ ᠥᠷᠢᠰᠦᠯᠳᠦᠬᠦ ᠵᠠᠬ᠎ᠠ ᠳᠡᠯᠭᠡᠭᠦᠷ ᠤᠨ ᠣᠷᠴᠢᠨ ᠲᠣᠭᠤᠷᠢᠨ᠂ ᠥᠨᠳᠥᠷ ᠪᠦᠲᠦᠮᠵᠢᠲᠡᠶ ᠦᠢᠯᠡᠴᠢᠯᠡᠭᠡᠨ ᠤ ᠣᠷᠴᠢᠨ ᠲᠣᠭᠤᠷᠢᠨ ᠢ ᠴᠢᠷᠮᠠᠶᠢᠨ ᠪᠣᠶ ᠪᠣᠯᠭᠠᠵᠤ᠂ ᠣᠷᠣᠭᠤᠯᠤᠨ ᠠᠪᠴᠢᠷᠠᠭᠰᠠᠨ ᠲᠥᠷᠥᠯ ᠵᠦᠢᠯ ᠢ ᠵᠢᠱᠢᠭᠰᠡᠨ ᠶᠣᠰᠣᠭᠠᠷ ᠪᠥᠲᠥᠭᠡᠨ ᠪᠠᠶᠢᠭᠤᠯᠵᠤ ᠠᠰᠢᠭᠯᠠᠯᠲᠠ ᠳᠤ ᠣᠷᠣᠭᠤᠯᠤᠨ ᠦᠷ᠎ᠡ ᠪᠦᠲᠦᠮᠵᠢ  ᠤᠯᠬᠤ ᠪᠠᠷ ᠴᠢᠷᠮᠠᠶᠢᠵᠤ ᠪᠠᠶᠢᠨ᠎ᠠ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号