ᠮᠠᠨ ᠤ ᠲᠤᠭᠤᠷᠢᠭ ᠤᠨ 2 ᠳᠤᠮᠳᠠ ᠵᠢᠵᠢᠭ ᠠᠵᠤ ᠠᠬᠤᠶᠢᠯᠠᠯ ᠥᠪᠡᠷᠲᠡᠭᠡᠨ ᠵᠠᠰᠠᠬᠤ ᠣᠷᠣᠨ ᠤ ᠰᠢᠯᠢᠳᠡᠭ ᠳᠤᠮᠳᠠ ᠵᠢᠵᠢᠭ ᠠᠵᠤ ᠠᠬᠤᠶᠢᠯᠠᠯ ᠢᠶᠠᠷ ᠠᠮᠵᠢᠯᠲᠠ ᠲᠠᠢ ᠮᠡᠳᠡᠭᠦᠯᠪᠡ
ᠨᠡᠶᠢᠲᠡᠯᠡᠭᠰᠡᠨ ᠴᠠᠭ᠄
2024/6/25
    ᠣᠶᠢᠷ᠎ᠠ ᠳᠤ᠂ ᠬᠠᠶᠢᠷᠤᠪ ᠤᠨ ᠲᠣᠬᠤᠶ ᠲᠣᠭᠤᠷᠢᠭ ᠤᠨ ᠠᠵᠤ ᠤᠶᠢᠯᠡᠤᠡᠪᠤᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠪᠥᠬᠦ ᠬᠦᠴᠦᠨ ᠤ ᠳᠡᠮᠵᠢᠯᠭᠡ ᠪᠠ ᠨᠠᠷᠢᠨ ᠨᠢᠮᠪᠠᠶ ᠵᠢᠯᠣᠭᠤᠳᠣᠯᠭ᠎ᠠ ᠳᠣᠤᠷ᠎ᠠ᠂ ᠮᠠᠨ ᠤ ᠲᠤᠭᠤᠷᠢᠭ ᠤᠨ 2 ᠳᠤᠮᠳᠠ ᠵᠢᠵᠢᠭ ᠠᠵᠤ ᠠᠬᠤᠶᠢᠯᠠᠯ ᠥᠪᠡᠷᠲᠡᠭᠡᠨ ᠵᠠᠰᠠᠬᠤ ᠣᠷᠣᠨ ᠤ ᠰᠢᠯᠢᠳᠡᠭ ᠳᠤᠮᠳᠠ ᠵᠢᠵᠢᠭ ᠠᠵᠤ ᠠᠬᠤᠶᠢᠯᠠᠯ ᠢᠶᠠᠷ ᠠᠮᠵᠢᠯᠲᠠ ᠲᠠᠢ ᠮᠡᠳᠡᠭᠦᠯᠪᠡ᠃ ᠡᠨᠡᠬᠦ ᠪᠠᠶᠠᠷ ᠤᠨ ᠴᠢᠮᠡᠭᠡ ᠨᠢ ᠮᠠᠨ ᠤ ᠲᠤᠭᠤᠷᠢᠭ ᠤᠨ ᠳᠤᠮᠳᠠ ᠪᠠᠭ᠎ᠠ ᠠᠵᠤ ᠠᠬᠤᠶᠢᠯᠠᠯ ᠤᠨ ᠬᠥᠭᠵᠢᠯᠲᠡ ᠰᠢᠨ᠎ᠡ ᠰᠢᠪᠲᠤᠯᠤᠯᠲᠠ ᠲᠠᠢ ᠪᠣᠯᠤᠭᠰᠠᠨ ᠢ ᠬᠠᠷᠠᠭᠤᠯᠵᠤ᠂ ᠮᠠᠨ ᠤ ᠲᠤᠭᠤᠷᠢᠭ ᠤᠨ ᠠᠵᠤ ᠠᠬᠤᠶ ᠶᠢᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠶᠢᠨ᠎ᠠ᠃    ᠴᠢᠨᠠᠷ ᠰᠠᠶᠢᠲᠠᠶ ᠳᠤᠮᠳᠠ ᠵᠢᠵᠢᠭ ᠠᠵᠤ ᠠᠬᠤᠶᠢᠯᠠᠯ ᠢ ᠭᠤᠶᠤᠴᠢᠯᠠᠨ ᠮᠡᠳᠡᠭᠦᠯᠬᠦ ᠶᠠᠪᠤᠴᠠ ᠳᠤ᠂ ᠲᠣᠭᠤᠷᠢᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠰᠠᠯᠠᠭ᠎ᠠ ᠮᠥᠴᠢᠷ ᠤᠳ ᠡᠯ᠎ᠡ ᠲᠠᠯ᠎ᠠ ᠶᠢᠨ ᠡᠬᠢ ᠪᠠᠶᠠᠯᠢᠭ ᠢ ᠢᠳᠡᠪᠬᠢᠲᠡᠶ ᠪᠠᠷ ᠵᠣᠬᠢᠴᠠᠭᠤᠯᠵᠤ᠂ ᠠᠵᠤ ᠠᠬᠤᠶᠢᠯᠠᠯ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠤᠶᠢᠯᠠᠭᠠᠨ᠂ ᠠᠵᠤ ᠠᠬᠤᠶᠢᠯᠠᠯ ᠢ ᠬᠠᠪᠰᠤᠷᠤᠨ ᠭᠤᠶᠤᠴᠢᠯᠠᠨ ᠮᠡᠳᠡᠭᠦᠯᠬᠦ ᠲᠥᠰᠦᠯ ᠳᠤ ᠵᠠᠰᠠᠪᠤᠷᠢ ᠣᠷᠣᠭᠤᠯᠵᠤ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠠ ᠯᠠᠪᠯᠠᠭ᠎ᠠ ᠶᠢᠨ ᠦᠢᠯᠡᠴᠢᠯᠡᠭᠡ ᠬᠠᠩᠭᠠᠨ᠎ᠠ᠃ ᠥᠪᠡᠷᠲᠡᠭᠡᠨ ᠵᠠᠰᠠᠬᠤ ᠣᠷᠣᠨ ᠤ ᠴᠢᠩᠭ᠎ᠠ ᠬᠢᠨᠠᠨ ᠲᠣᠭᠲᠠᠭᠠᠯᠲᠠ ᠪᠠᠷ ᠳᠡᠮᠵᠢᠨ᠂ ᠥᠪᠥᠷ ᠮᠣᠩᠭᠤᠯ ᠤᠨ ᠰᠠᠢ ᠰᠢᠩ ᠢᠳᠡᠭᠡᠨ ᠤ ᠬᠢᠵᠠᠭᠠᠷᠲᠤ ᠺᠣᠮᠫᠠᠨᠢ᠂ ᠦᠬᠠᠶ ᠶᠢᠨ ᠪᠦᠦ ᠵᠢᠶᠧ ᠰᠢᠨ᠎ᠡ ᠡᠨᠧᠷᠭᠢ ᠶᠢᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ︽ᠰᠢᠨ᠎ᠡ ᠶᠢ ᠡᠭᠦᠳᠬᠦ ᠬᠡᠯᠪᠡᠷᠢ︾᠎ ᠶᠢᠨ ᠳᠤᠮᠳᠠ ᠵᠢᠵᠢᠭ ᠠᠵᠤ ᠠᠬᠤᠶᠢᠯᠠᠯ ᠤᠨ ᠢᠷᠠᠭᠤ ᠠᠯᠳᠠᠷ ᠢ ᠠᠮᠵᠢᠯᠲᠠ ᠲᠠᠢ ᠭᠥᠷᠳᠡᠪᠡ᠃ ᠡᠨᠡ ᠪᠣᠯ ᠲᠡᠳᠡᠨ ᠤ ᠤᠷᠳᠤ ᠬᠤᠭᠤᠴᠠᠭᠠᠨ ᠤ ᠴᠢᠷᠮᠠᠶᠢᠯᠭ᠎ᠠ ᠪᠠ ᠲᠡᠮᠡᠴᠡᠭᠰᠡᠨ ᠢ ᠮᠡᠳᠡᠷᠡᠬᠦ ᠶᠠᠪᠤᠳᠠᠯ ᠮᠥᠨ᠂ ᠪᠠᠰᠠ ᠴᠤ ᠢᠷᠡᠭᠡᠳᠦᠢ ᠶᠢᠨ ᠬᠥᠭᠵᠢᠯᠲᠡ ᠶᠢᠨ ᠲᠤᠬᠠᠢ ᠰᠠᠶᠢᠨ ᠰᠠᠶᠢᠬᠠᠨ ᠬᠦᠰᠡᠯ ᠡᠷᠡᠮᠡᠯᠵᠡᠯ ᠮᠥᠨ᠃     ᠡᠭᠦᠨ ᠤ ᠬᠠᠮᠲᠤ᠂ ᠮᠠᠨ ᠤ ᠲᠣᠪᠴᠢᠶ᠎ᠠ ᠪᠠᠰᠠ ᠳᠤᠮᠳᠠ ᠪᠠᠭ᠎ᠠ ᠠᠵᠤ ᠠᠬᠤᠶᠢᠯᠠᠯ ᠤᠨ ᠣᠨᠴᠠᠯᠢᠭᠲᠤ ᠠᠵᠤ ᠦᠢᠯᠡᠰ ᠤᠨ ᠰᠦᠷᠦᠭᠵᠢᠯ ᠢ ᠪᠤᠶᠢᠵᠢᠭᠤᠯᠤᠨ ᠬᠥᠭᠵᠢᠭᠦᠯᠬᠦ ᠶᠢ ᠢᠳᠡᠪᠬᠢᠲᠡᠢ ᠠᠬᠢᠭᠤᠯᠪᠠ᠃ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠠᠵᠤ ᠦᠢᠯᠡᠰ ᠤᠨ ᠪᠠᠶᠢᠷᠢᠰᠢᠯ ᠢ ᠰᠢᠯᠢᠳᠡᠭᠵᠢᠭᠦᠯᠬᠦ ᠪᠠᠷ ᠳᠠᠮᠵᠢᠭᠤᠯᠤᠨ᠂ ᠣᠷᠣᠨ ᠨᠤᠲᠤᠭ ᠤᠨ ᠣᠨᠴᠠᠯᠢᠭ ᠪᠦᠬᠦᠢ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠪᠦᠯᠦᠭᠵᠢᠯ ᠢ ᠠᠮᠵᠢᠯᠲᠠ ᠲᠠᠢ ᠪᠠᠷ ᠪᠠᠶᠢᠭᠤᠯᠪᠠ᠃ ᠣᠳᠣ  ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠪᠠᠷ ᠭᠤᠤᠯ ᠪᠣᠯᠭᠠᠨ᠂ ᠨᠡᠭᠦᠷᠡᠰᠦ ᠬᠡᠦᠷᠰᠢᠭᠦᠯᠬᠦ᠂ ᠲᠡᠮᠦᠷᠯᠢᠭ ᠬᠠᠶᠢᠯᠤᠭᠤᠯᠬᠤ ᠪᠠ ᠡᠨᠧᠷᠭᠢ ᠵᠡᠷᠭᠡ ᠠᠵᠤ ᠦᠢᠯᠡᠰ ᠢ ᠬᠠᠮᠤᠷᠴᠤ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠲᠡᠷᠢᠭᠦᠨ ᠤ ᠦᠢᠯᠡᠳᠪᠦᠷᠢᠯᠡᠯ ᠤᠨ ᠮᠡᠷᠭᠡᠵᠢᠯ ᠢ ᠬᠡᠷᠡᠭᠯᠡᠨ᠂ ᠨᠡᠭᠦᠷᠡᠰᠦ ᠵᠢᠴᠢ ᠳᠠᠭᠠᠯᠲᠠ ᠡᠬᠢ ᠪᠠᠶᠠᠯᠢᠭ ᠢ ᠥᠨᠳᠥᠷ ᠦᠷ᠎ᠡ ᠠᠰᠢᠭ ᠲᠠᠢ ᠦᠢᠯᠡᠳᠪᠦᠷᠢᠯᠡᠬᠦ ᠵᠢᠴᠢ ᠠᠷᠢᠭᠤᠨ ᠴᠡᠪᠡᠷ ᠠᠰᠢᠭᠯᠠᠬᠤ ᠶᠢ ᠪᠡᠶᠡᠯᠡᠭᠦᠯᠬᠦ ᠶᠢᠨ ᠬᠠᠮᠲᠤ ᠬᠠᠮᠢᠶ᠎ᠠ ᠪᠦᠬᠦᠢ ᠲᠥᠬᠦᠷ ᠠᠵᠤ ᠠᠬᠤᠶᠢᠯᠠᠯ ᠢ ᠣᠷᠣᠭᠤᠯᠵᠤ ᠢᠷᠡᠬᠦ ᠪᠠᠷ ᠳᠠᠮᠵᠢᠭᠤᠯᠤᠨ ᠠᠵᠤ ᠦᠢᠯᠡᠰ ᠤᠨ ᠪᠢᠲᠡᠭᠦᠦ ᠴᠠᠭᠠᠷᠢᠭ᠂ ᠡᠨᠧᠷᠭᠢ ᠠᠷᠪᠢᠯᠠᠨ ᠬᠤᠷᠣᠭᠳᠠᠯ ᠢ ᠪᠠᠭᠠᠰᠬᠠᠬᠤ᠂ ᠬᠠᠶᠠᠭᠳᠠᠮᠠᠯ ᠮᠠᠲ᠋ᠧᠷᠢᠶᠠᠯ ᠢ ᠳᠠᠬᠢᠨ ᠳᠠᠪᠲᠠᠨ ᠠᠰᠢᠭᠯᠠᠬᠤ ᠰᠠᠶᠢᠨ ᠪᠦᠬᠦᠢ ᠦᠢᠯᠡᠳᠪᠦᠷᠢᠯᠡᠵᠦ ᠡᠵᠡᠩᠨᠡᠬᠦ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ᠃ ᠳᠣᠲᠣᠭᠠᠳᠤᠬᠢ ᠠᠵᠤ ᠠᠬᠤᠶᠢᠯᠠᠯ ᠤᠳ ᠢ ᠲᠥᠪᠯᠡᠷᠡᠭᠦᠯᠦᠨ ᠬᠠᠮᠵᠢᠯᠴᠠᠵᠤ ᠬᠠᠮᠲᠤᠷᠠᠯᠴᠠᠵᠤ᠂ ᠬᠡᠪᠴᠢᠶᠡᠵᠢᠭᠦᠯᠦᠭᠰᠡᠨ᠂ ᠡᠷᠴᠢᠮᠵᠢᠭᠦᠯᠦᠭᠰᠡᠨ ᠦᠢᠯᠡᠳᠪᠦᠷᠢᠯᠡᠯ ᠤᠨ ᠳᠠᠪᠠᠭᠤᠯᠢᠭ ᠢ ᠪᠣᠶ ᠪᠣᠯᠭᠠᠵᠤ᠂ ᠦᠢᠯᠡᠳᠪᠦᠷᠢᠯᠡᠯ ᠤᠨ ᠥᠪᠡᠷ ᠤᠨ ᠥᠷᠲᠡᠭ ᠢ ᠪᠠᠭᠤᠷᠠᠭᠤᠯᠤᠨ᠂ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠣᠨᠴᠠᠯᠢᠭᠲᠤ ᠠᠵᠤ ᠦᠢᠯᠡᠰ ᠤᠨ ᠲᠥᠪᠯᠡᠷᠡᠯ ᠢ ᠠᠮᠵᠢᠯᠲᠠ ᠲᠠᠢ ᠪᠠᠷ ᠭᠤᠶᠤᠴᠢᠯᠠᠨ ᠮᠡᠳᠡᠭᠦᠯᠬᠦ ᠳᠤ᠂ ᠮᠠᠨ ᠤ ᠲᠤᠭᠤᠷᠢᠭ ᠤᠨ ᠳᠤᠮᠳᠠ ᠪᠠᠭ᠎ᠠ ᠠᠵᠤ ᠠᠬᠤᠶᠢᠯᠠᠯ ᠤᠨ ᠲᠥᠪᠯᠡᠷᠡᠨ ᠬᠥᠭᠵᠢᠬᠦ ᠪᠠ ᠠᠵᠤ ᠦᠢᠯᠡᠰ ᠤᠨ ᠳᠡᠰ ᠳᠡᠪᠰᠢᠬᠦ ᠶᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠪᠣᠯᠤᠨ᠎ᠠ᠃    ᠲᠣᠰ ᠤᠳᠠᠭᠠᠨ ᠤ ᠢᠷᠠᠭᠤ ᠠᠯᠳᠠᠷ ᠢ ᠭᠥᠷᠳᠡᠭᠰᠡᠨ ᠨᠢ ᠠᠵᠤ ᠠᠬᠤᠶᠢᠯᠠᠯ ᠢ ᠨᠤᠲᠠᠯᠠᠬᠤ ᠪᠠᠷ ᠪᠠᠷᠠᠬᠤ ᠥᠬᠡᠶ᠂ ᠨᠠᠩ ᠴᠤ ᠮᠠᠨ ᠤ ᠲᠣᠪᠴᠢᠶ᠎ᠠ ᠶᠢᠨ ᠠᠵᠢᠯ ᠢ ᠵᠥᠪᠰᠢᠶᠡᠷᠡᠵᠦ ᠪᠠᠶᠢᠭ᠎ᠠ ᠶᠠᠪᠤᠳᠠᠯ ᠪᠣᠯᠤᠨ᠎ᠠ᠃ ᠬᠠᠶᠢᠷᠤᠪ ᠤᠨ ᠲᠤᠬᠤᠢ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠤᠪᠴᠢᠶ᠎ᠠ ︽ᠠᠵᠤ ᠠᠬᠤᠶᠢᠯᠠᠯ ᠳᠤ ᠦᠢᠯᠡᠴᠢᠯᠡᠵᠦ᠂ ᠬᠥᠭᠵᠢᠯᠲᠡ ᠶᠢ ᠠᠬᠢᠭᠤᠯᠬᠤ︾ ᠵᠣᠷᠢᠯᠲᠠ ᠶᠢ ᠦᠷᠭᠦᠯᠵᠢᠯᠡᠨ ᠪᠠᠷᠢᠮᠲᠠᠯᠠᠵᠤ᠂ ᠳᠤᠮᠳᠠ ᠪᠠᠭ᠎ᠠ ᠠᠵᠤ ᠠᠬᠤᠶᠢᠯᠠᠯ ᠢ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠳᠤ ᠨᠡᠩ ᠤᠯᠠᠨ ᠨᠡᠩ ᠰᠠᠶᠢᠨ ᠦᠢᠯᠡᠴᠢᠯᠡᠭᠡ ᠬᠠᠩᠭᠠᠨ᠎ᠠ᠃ ᠡᠭᠦᠨ ᠤ ᠬᠠᠮᠲᠤ᠂ ᠪᠠᠰᠠ ᠥᠷᠭᠡᠨ ᠣᠯᠠᠨ ᠳᠤᠮᠳᠠ ᠵᠢᠵᠢᠭ ᠠᠵᠤ ᠠᠬᠤᠶᠢᠯᠠᠯ ᠤᠨ ᠢᠷᠠᠭᠤ ᠠᠯᠳᠠᠷ ᠢᠶᠠᠨ ᠨᠠᠨᠳᠢᠩᠨᠠᠵᠤ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠮᠠᠨ ᠤ ᠲᠤᠭᠤᠷᠢᠭ ᠤᠨ ᠠᠵᠤ ᠠᠬᠤᠶ ᠶᠢᠨ ᠬᠥᠭᠵᠢᠯᠲᠡ ᠳᠤ ᠨᠠᠩ ᠣᠯᠠᠨ ᠬᠦᠴᠦᠨ ᠴᠢᠳᠠᠯ ᠢᠶᠠᠨ ᠡᠷᠭᠦᠬᠦ ᠶᠢ ᠵᠣᠷᠢᠭᠵᠢᠭᠤᠯᠪᠠ︕    ᠪᠢᠳᠡ ᠮᠠᠨ ᠤ ᠲᠤᠭᠤᠷᠢᠭ ᠤᠨ ᠳᠤᠮᠳᠠ ᠪᠠᠭ᠎ᠠ ᠠᠵᠤ ᠠᠬᠤᠶᠢᠯᠠᠯ ᠤᠨ ᠢᠷᠡᠭᠡᠳᠦᠢ ᠶᠢᠨ ᠵᠠᠮ ᠳᠡᠭᠡᠷ᠎ᠡ ᠨᠡᠩ ᠭᠡᠷᠡᠯ ᠰᠠᠴᠤᠷᠠᠩᠭᠤᠢ ᠠᠮᠵᠢᠯᠲᠠ ᠣᠯᠬᠤ ᠶᠢ ᠬᠠᠮᠲᠤ ᠪᠠᠷ ᠬᠦᠰᠡᠶ᠎ᠡ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号