ᠬᠠᠶᠢᠷᠤᠪ ᠤᠨ ᠲᠤᠬᠤᠢ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ ᠦᠰᠦᠭ ᠵᠢᠷᠤᠪᠠ
ᠨᠡᠶᠢᠲᠡᠯᠡᠭᠰᠡᠨ ᠴᠠᠭ᠄
2024/6/26
    6 ᠰᠠᠷ᠎ᠠ ᠶᠢᠨ 25᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠯᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠤᠬᠢᠷᠠᠯᠴᠠᠪᠠ᠃ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠼᠦᠢ ᠬᠤᠩ ᠪᠥᠸᠧ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠵᠤ᠂ ᠬᠠᠶᠢᠷᠤᠪ ᠤᠨ ᠲᠤᠬᠤᠢ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠦ᠋ ᠬᠠᠢ ᠬᠤᠷᠠᠯ ᠢ ᠡᠷᠬᠢᠯᠡᠪᠡ᠃
640.png   
    ᠲᠣᠰ ᠤᠳᠠᠭ᠎ᠠ ᠭᠡᠷ᠎ᠡ ᠲᠤᠭᠲᠠᠭᠰᠠᠨ ᠨᠢ᠂ ᠬᠠᠮᠲᠤᠷᠠᠨ ᠠᠵᠢᠯᠯᠠᠬᠤ ᠬᠤᠶᠠᠷ ᠲᠠᠯ᠎ᠠ ᠪᠠᠷ ᠢᠶᠠᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠥᠪᠡᠷ ᠤᠨ ᠥᠷᠲᠡᠭ ᠢ ᠪᠠᠭᠤᠷᠠᠭᠤᠯᠬᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠨᠢᠭᠡ ᠴᠣᠭᠴᠠᠵᠢᠭᠰᠠᠨ ᠢᠨᠵᠧᠨᠧᠷᠢᠩ ᠢ ᠬᠡᠷᠡᠭᠵᠢᠭᠦᠯᠬᠦ᠂ ᠠᠭᠤᠷᠬᠠᠢ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠵᠠᠰᠠᠯᠲᠠ ᠶᠢ ᠠᠬᠢᠭᠤᠯᠬᠤ᠂ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠪᠠ ᠰᠢᠨ᠎ᠡ ᠡᠨᠧᠷᠭᠢ ᠶᠢᠨ ᠨᠡᠭᠡᠭᠡᠨ ᠬᠥᠭᠵᠢᠭᠦᠯᠦᠯᠲᠡ ᠶᠢ ᠠᠭᠤᠰᠤᠯᠴᠠᠭᠤᠯᠤᠨ ᠬᠥᠭᠵᠢᠭᠦᠯᠬᠦ᠂ ᠡᠨᠧᠷᠭᠢ ᠬᠠᠳᠠᠭᠠᠯᠠᠬᠤ ᠠᠵᠤ ᠦᠢᠯᠡᠰ ᠤᠨ ᠬᠥᠭᠵᠢᠯᠲᠡ ᠶᠢᠨ ᠪᠠᠲᠤᠯᠠᠭ᠎ᠠ ᠶᠢᠨ ᠲᠣᠭᠲᠠᠴᠠ ᠵᠡᠷᠭᠡ ᠪᠠᠷ ᠬᠥᠭᠵᠢᠯᠲᠡ ᠶᠢᠨ ᠴᠢᠭᠯᠡᠯ ᠪᠣᠯᠭᠠᠵᠤ᠂ ᠬᠠᠶᠢᠷᠤᠪ ᠤᠨ ᠲᠣᠬᠤᠢ ᠲᠣᠭᠤᠷᠢᠭ ᠤᠨ ᠡᠯ᠎ᠡ ᠲᠥᠷᠥᠯ ᠤᠨ ᠠᠵᠤ ᠦᠢᠯᠡᠰ ᠤᠨ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠬᠤ ᠪᠣᠯᠤᠨ᠎ᠠ᠃    ᠬᠠᠶᠢᠷᠤᠪ ᠤᠨ ᠲᠤᠬᠤᠢ ᠲᠣᠭᠤᠷᠢᠭ ᠤᠨ ᠬᠢᠨ ᠤᠯᠤᠰ ᠤᠨ ᠪᠣᠬᠢᠷᠲᠤᠯ ᠦᠭᠡᠢ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ ᠰᠢᠨ᠎ᠡ ᠡᠨᠧᠷᠭᠢ ᠶᠢᠨ ᠪᠦᠲᠦᠴᠡ ᠶᠢ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠠᠬᠢᠭᠤᠯᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠤᠳᠠ ᠶᠢ ᠪᠦᠳᠦᠭᠡᠨ ᠪᠠᠶᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号