ᠬᠠᠶᠢᠷᠤᠪ ᠤᠨ ᠲᠤᠬᠤᠢ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 127 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/6/28
    ᠤᠢᠢᠷ᠎ᠠ ᠳᠤ᠂ ᠬᠠᠶᠢᠷᠤᠪ ᠤᠨ ᠲᠤᠬᠤᠢ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 127 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠵᠢᠴᠢ ᠲᠤᠭᠤᠷᠢᠭ ᠤᠨ ᠲᠠᠪᠤᠨ ᠶᠡᠭᠡ ᠡᠭᠦᠷᠭᠡ ᠶᠢ ᠪᠡᠶᠡᠯᠡᠭᠦᠯᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ 2024 ᠣᠨ ᠤ 2 ᠳ᠋ᠤᠭᠠᠷ ᠤᠳᠠᠭ᠎ᠠ ᠶᠢᠨ ᠬᠤᠷᠠᠯ᠂ ᠲᠤᠭᠤᠷᠢᠭ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ 2024 ᠣᠨ ᠤ ᠠᠩᠬᠠᠳᠤᠭᠠᠷ ᠤᠳᠠᠭ᠎ᠠ ᠶᠢᠨ ᠬᠤᠷᠠᠯ ᠬᠤᠷᠠᠯᠳᠤᠪᠠ᠃ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠦᠨ ᠬᠤᠤ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠥᠬᠡᠨᠠᠭᠤᠷ᠂ ᠨᠢᠩᠰᠢᠶᠠ ᠳᠤ ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ ᠳᠤ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠬᠠᠶᠢᠷᠤᠪ ᠤᠨ ᠲᠤᠬᠤᠢ ᠲᠣᠭᠤᠷᠢᠭ ᠤᠨ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ᠂ ᠬᠠᠶᠢᠷᠤᠪ ᠤᠨ ᠲᠤᠬᠤᠢ ᠲᠣᠭᠤᠷᠢᠭ ᠤᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠤᠨ ᠬᠠᠷᠢᠭᠤ ᠮᠡᠳᠡᠭᠦᠯᠦᠯᠲᠡ᠂ ᠬᠠᠶᠢᠷᠤᠪ ᠤᠨ ᠲᠤᠬᠤᠢ ᠲᠣᠭᠤᠷᠢᠭ ᠤᠨ ᠲᠠᠪᠤᠨ ᠶᠡᠭᠡ ᠡᠭᠦᠷᠭᠡ ᠶᠢ ᠪᠡᠶᠡᠯᠡᠭᠦᠯᠦᠭᠰᠡᠨ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠡᠯ᠎ᠡ ᠲᠤᠰᠬᠠᠢ ᠳᠤᠭᠤᠶᠢᠯᠠᠩ ᠤᠨ ᠠᠵᠢᠯ ᠤᠨ ᠠᠬᠢᠴᠠ ᠵᠡᠷᠭᠡ ᠶᠢᠨ ᠬᠠᠷᠢᠭᠤ ᠮᠡᠳᠡᠭᠦᠯᠦᠯᠲᠡ ᠶᠢ ᠰᠣᠨᠣᠰᠪᠠ︔ ︽ᠦᠵᠡᠰᠬᠦᠯᠡᠩᠲᠦ ᠰᠠᠶᠢᠬᠠᠨ ᠬᠠᠶᠢᠷᠤᠪ ᠤᠨ ᠲᠤᠬᠤᠢ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ ︵ᠬᠢᠨᠠᠨ ᠵᠥᠪᠯᠡᠬᠦ ᠨᠤᠤᠷᠠᠭ︶︾ ᠵᠡᠷᠭᠡ ᠶᠢ ᠰᠤᠳᠤᠯᠤᠨ ᠬᠢᠨᠠᠨ ᠵᠥᠪᠯᠡᠭᠰᠡᠨ ᠪᠥᠭᠡᠳ ᠬᠠᠶᠢᠷᠤᠪ ᠤᠨ ᠲᠤᠬᠤᠢ ᠲᠣᠭᠤᠷᠢᠭ ᠤᠨ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃    ᠰᠦᠨ ᠬᠤᠤ᠂ ᠬᠠᠶᠢᠷᠤᠪ ᠤᠨ ᠲᠤᠬᠤᠢ ᠲᠣᠭᠤᠷᠢᠭ ᠤᠨ ᠳᠡᠭᠡᠳᠦ ᠲᠤᠤᠷᠠᠳᠤ ᠱᠠᠳᠤ ᠪᠠᠷ ᠢᠶᠠᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ︽ᠬᠤᠶᠠᠷ ᠢ ᠲᠣᠭᠲᠠᠭᠠᠬᠤ︾᠎ ᠶᠢ ᠡᠷᠡᠰ ᠬᠦᠷᠢᠶᠡᠯᠡᠵᠦ᠂ ᠪᠣᠳᠠᠲᠠᠢ ᠠᠵᠢᠯ ᠤᠨ ᠳᠤᠮᠳᠠ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ︔ ᠬᠠᠶᠢᠷᠤᠪ ᠤᠨ ᠲᠤᠬᠤᠢ ᠲᠣᠭᠤᠷᠢᠭ ᠤᠨ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶᠎ ᠤ ᠰᠦᠯᠵᠢᠶᠡᠨ ᠤ ᠠᠵᠢᠯᠲᠠᠨ ︽ᠲᠦᠷᠪᠡᠨ ᠠᠵᠢᠯᠲᠠᠨ︾᠎ ᠤ ᠦᠢᠯᠡᠳᠦᠯ ᠢᠶᠠᠨ ᠪᠠᠳᠠᠷᠠᠭᠤᠯᠵᠤ᠂ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠬᠦ᠂ ᠨᠢᠭᠡ ᠮᠦᠴᠡᠲᠤ ᠨᠡᠶᠢᠭᠡᠮ ᠲᠣᠭᠤᠷᠢᠭ ᠤᠨ ᠠᠮᠢᠳᠤᠷᠠᠯ ᠤᠨ ᠬᠦᠷᠢᠶ᠎ᠡ ᠶᠢ ᠪᠦᠳᠦᠭᠡᠨ ᠪᠠᠶᠢᠭᠤᠯᠬᠤ᠂ ᠨᠠᠰᠤᠲᠠᠨ ᠢ ᠠᠰᠠᠷᠠᠵᠤ ᠨᠢᠯᠬᠠᠰ ᠢ ᠨᠠᠶᠢᠳᠠᠨ ᠬᠥᠮᠦᠵᠢᠭᠦᠯᠬᠦ᠂ ᠭᠡᠷ ᠤᠨ ᠶᠠᠪᠤᠳᠠᠯ ᠵᠡᠷᠭᠡ ᠤᠯᠠᠨ ᠲᠦᠮᠡᠨ ᠤ ᠪᠣᠳᠠᠲᠠᠢ ᠬᠡᠷᠡᠭᠴᠡᠭᠡ ᠲᠠᠢ ᠤᠶᠠᠯᠳᠤᠭᠤᠯᠵᠤ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠪᠡᠯᠡ ᠮᠥᠩᠭᠦ ᠶᠢ ᠲᠡᠮᠡᠴᠡᠨ ᠣᠯᠵᠤ᠂ ᠨᠥᠬᠦᠴᠡᠯ ᠪᠦᠷᠢᠯᠳᠦᠭᠦᠯᠵᠦ᠂ ᠪᠦᠬᠦ ᠬᠦᠴᠦᠨ ᠢᠶᠠᠷ ᠢᠶᠠᠨ ᠳᠡᠮᠵᠢᠬᠦ ᠬᠡᠷᠡᠭᠲᠡᠢ︔ ᠡᠯ᠎ᠡ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ ᠤᠨ ᠲᠤᠬᠠᠢ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠵᠢᠯ ᠤᠨ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠵᠤ᠂ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ︔ ᠡᠯ᠎ᠡ ᠱᠠᠲᠤᠨ ᠤ ᠤᠳᠤᠷᠢᠳᠬᠤ ᠺᠠᠳ᠋ᠷ ︽ᠮᠣᠩᠭᠤᠯ ᠮᠣᠷᠢ︾᠎ ᠶᠢᠨ ᠵᠣᠷᠢᠭ ᠰᠠᠨᠠᠭ᠎ᠠ ᠪᠣᠯᠤᠨ ︽ᠭᠤᠷᠪᠠᠨ ᠤᠮᠠᠷᠠᠲᠤ︾᠎ ᠶᠢᠨ ᠵᠣᠷᠢᠭ ᠰᠠᠨᠠᠭ᠎ᠠ ᠪᠠᠷ ᠵᠣᠷᠢᠭ ᠰᠠᠨᠠᠭ᠎ᠠ ᠪᠠᠨ ᠳᠠᠪᠲᠠᠨ ᠪᠣᠯᠪᠠᠰᠤᠷᠠᠭᠤᠯᠵᠤ᠂ ᠠᠵᠤ ᠠᠬᠤᠢ ᠶᠢᠨ ᠬᠥᠭᠵᠢᠯᠲᠡ ᠶᠢ ᠠᠳᠬᠤᠬᠤ ᠴᠢᠳᠠᠪᠤᠷᠢ ᠪᠠᠨ ᠲᠠᠰᠤᠷᠠᠯᠲᠠ ᠥᠬᠡᠶ ᠴᠢᠩᠭᠠᠳᠬᠠᠬᠤ ᠬᠡᠷᠡᠭᠲᠡᠶ︔ ᠨᠢᠭᠡ ᠯᠡ ᠠᠯᠬᠤᠮ ᠢᠶᠠᠷ ᠨᠠᠶᠢᠳᠠᠪᠤᠷᠢᠵᠢᠭᠤᠯᠬᠤ ᠢᠲᠡᠭᠡᠯ ᠵᠣᠷᠢᠭ ᠪᠠ ᠬᠤᠪᠢᠰᠬᠠᠯᠲᠤ ᠵᠣᠷᠢᠭ ᠰᠠᠨᠠᠭ᠎ᠠ ᠪᠠᠷ ᠠᠵᠤ ᠠᠬᠤᠢ ᠶᠢᠨ ᠠᠵᠢᠯ ᠢ ᠭᠦᠨᠵᠡᠭᠡᠢ ᠰᠤᠳᠤᠯᠵᠤ᠂ ᠤᠯᠤᠯᠴᠠᠭ᠎ᠠ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠠᠵᠤ ᠠᠬᠤᠢ ᠶᠢᠨ ᠬᠥᠭᠵᠢᠯᠲᠡ ᠶᠢᠨ ᠳᠤᠮᠳᠠᠬᠢ ᠲᠦᠭᠵᠢᠷᠡᠯ ᠬᠦᠴᠢᠷ ᠠᠰᠠᠭᠤᠳᠠᠯ ᠢ ᠪᠦᠲᠦᠭᠡᠯᠴᠢ ᠪᠠᠷ ᠰᠢᠢᠳᠪᠦᠷᠢᠯᠡᠵᠦ᠂ ᠬᠠᠶᠢᠷᠤᠪ ᠤᠨ ᠲᠤᠬᠤᠢ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠠᠢ ᠭᠡᠵᠤ ᠬᠡᠯᠡᠪᠡ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号