ᠬᠠᠶᠢᠷᠤᠪ ᠤᠨ ᠲᠤᠬᠤᠢ ᠲᠣᠭᠤᠷᠢᠭ ᠤᠨ ᠤᠳᠤᠷᠢᠳᠬᠤ ᠺᠠᠳ᠋ᠷ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/6/29
    6 ᠰᠠᠷ᠎ᠠ ᠶᠢᠨ 27᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠤᠳᠤᠷᠢᠳᠬᠤ ᠺᠠᠳ᠋ᠷ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠪᠠ᠃ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠦᠨ ᠬᠤᠤ ᠶᠠᠷᠢᠶ᠎ᠠ ᠲᠠᠯᠪᠢᠬᠤ ᠶᠢᠨ ᠬᠠᠮᠲᠤ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠣᠷᠣᠪᠠ᠃
640.jpg   
    ᠬᠤᠷᠠᠯ ᠳᠡᠭᠡᠷ᠎ᠡ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ᠂ ᠰᠦᠨ ᠱᠣᠤ ᠴᠧᠩ ᠱᠦᠵᠢ ᠶᠢᠨ ᠥᠪᠡᠷᠲᠡᠭᠡᠨ ᠵᠠᠰᠠᠬᠤ ᠣᠷᠣᠨ ᠤ ᠤᠳᠤᠷᠢᠳᠬᠤ ᠺᠠᠳ᠋ᠷ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠳᠡᠭᠡᠷᠡᠬᠢ ᠵᠢᠭᠠᠪᠤᠷᠢ ᠶᠢᠨ ᠵᠣᠷᠢᠭ ᠰᠠᠨᠠᠭ᠎ᠠ᠂ ᠲᠠᠩ ᠢ ᠱᠦᠵᠢ ᠶᠢᠨ ᠪᠥᠬᠦ ᠬᠤᠲᠠ ᠶᠢᠨ ᠤᠳᠤᠷᠢᠳᠬᠤ ᠺᠠᠳ᠋ᠷ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠲᠣᠰ ᠭᠠᠵᠠᠷ ᠣᠷᠣᠨ ᠤ ᠰᠠᠬᠢᠯᠭ᠎ᠠ ᠪᠠᠲᠤ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠪᠠ ᠰᠠᠬᠢᠯᠭ᠎ᠠ ᠪᠠᠲᠤ ᠶᠢ ᠬᠢᠨᠠᠨ ᠪᠠᠶᠢᠴᠠᠭᠠᠬᠤ ᠠᠵᠢᠯ ᠤᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ ᠭᠦᠨᠵᠡᠭᠡᠶ ᠵᠠᠳᠠᠯᠤᠯᠲᠠ ᠬᠢᠵᠡᠶ᠃
640 (1).jpg   
    ᠰᠦᠨ ᠬᠤᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠶᠢᠨ ᠤᠳᠬ᠎ᠠ ᠰᠠᠨᠠᠭ᠎ᠠ ᠠᠯᠤᠰ ᠬᠡᠳᠦ ᠶᠢᠨ᠂ ᠠᠭᠤᠯᠤᠭᠳᠠᠬᠤᠨ ᠡᠯᠪᠡᠭ ᠪᠠᠶᠠᠯᠢᠭ᠂ ᠦᠵᠡᠯ ᠰᠠᠨᠠᠭ᠎ᠠ ᠭᠦᠨᠵᠡᠭᠡᠢ ᠪᠠᠶᠢᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢ ᠴᠢᠩᠭᠠᠳᠬᠠᠬᠤ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠠᠬᠢᠭᠤᠯᠬᠤ ᠳᠤ ᠴᠢᠭᠯᠡᠯ ᠢ ᠲᠣᠳᠣᠷᠬᠠᠢ ᠵᠢᠭᠠᠵᠤ᠂ ᠶᠠᠭ ᠥᠷᠨᠢᠭᠦᠯᠵᠦ ᠪᠠᠶᠢᠭ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠳᠤ ᠦᠨᠳᠦᠰᠦᠨ ᠵᠢᠷᠤᠮᠯᠠᠯ ᠬᠠᠩᠭᠠᠵᠠᠢ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ︽ᠨᠠᠢᠮᠠ ᠶᠢ ᠭᠦᠨᠵᠡᠭᠡᠢ ᠣᠶᠢᠯᠠᠭᠠᠵᠤ᠂ ᠨᠠᠢᠮᠠ ᠶᠢ ᠣᠨᠣᠪᠴᠢᠲᠠᠢ ᠡᠵᠡᠮᠳᠡᠬᠦ︾ ᠰᠢᠨᠵᠢᠯᠡᠬᠦ ᠤᠬᠠᠭᠠᠨᠴᠢ ᠠᠭᠤᠯᠤᠭᠳᠠᠬᠤᠨ ᠪᠣᠯᠤᠨ ᠦᠢᠯᠡᠳᠦᠯᠭᠡ ᠶᠢᠨ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ᠂ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠥᠮᠦᠵᠢᠭᠦᠯᠦᠨ ᠬᠦᠳᠦᠯᠦᠨ ᠵᠢᠯᠣᠭᠤᠳᠴᠤ ᠪᠠᠶᠢᠭᠠᠳ ᠰᠠᠬᠢᠯᠭ᠎ᠠ ᠪᠠᠲᠤ ᠶᠢ ᠰᠤᠷᠤᠯᠴᠠᠭᠤᠯᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠰᠠᠬᠢᠬᠤ ᠶᠢ ᠦᠨᠡᠨᠬᠦ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠠᠵᠢᠯᠯᠠᠭᠠᠨ ᠤ ᠤᠬᠠᠮᠰᠠᠷ ᠪᠣᠯᠭᠠᠨ ᠬᠤᠪᠢᠷᠠᠭᠤᠯᠵᠤ᠂ ︽ᠬᠤᠶᠠᠷ ᠢ ᠲᠣᠭᠲᠠᠭᠠᠬᠤ︾᠎ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾᠎ ᠶᠢ ᠡᠷᠡᠰ ᠪᠡᠶᠡᠯᠡᠭᠦᠯᠬᠦ ᠬᠡᠷᠡᠭᠲᠡᠢ ᠭᠡᠵᠤ ᠬᠡᠯᠡᠪᠡ᠃    ᠰᠦᠨ ᠬᠤᠤ ᠪᠣᠳᠠᠲᠠᠶ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠣᠯᠠᠨ ᠳᠤ ᠲᠤᠰᠬᠠᠶ ᠰᠡᠳᠦᠪᠲᠦ ᠨᠠᠮ ᠤᠨ ᠬᠢᠴᠢᠶᠡᠯ ᠣᠷᠣᠪᠠ᠃ ᠲᠡᠷᠡ ᠬᠡᠯᠡᠬᠦ ᠳᠡᠭᠡᠨ᠂ ᠬᠠᠶᠢᠷᠤᠪ ᠤᠨ ᠲᠤᠬᠤᠢ ᠲᠣᠭᠤᠷᠢᠭ ᠤᠨ ᠬᠢᠨ ᠢᠮᠠᠭᠲᠠ ᠥᠪᠡᠷ ᠢ ᠪᠠᠨ ᠲᠤᠩᠭᠠᠬᠤ᠂ ᠥᠪᠡᠷ ᠢ ᠪᠠᠨ ᠰᠡᠷᠡᠮᠵᠢᠯᠡᠭᠦᠯᠬᠦ᠂ ᠥᠪᠡᠷ ᠢ ᠪᠠᠨ ᠱᠠᠭᠠᠷᠳᠠᠬᠤ ᠶᠢ ᠪᠡᠶᠡᠯᠡᠭᠦᠯᠵᠦ᠂ ᠲᠦᠷᠢᠮ ᠲᠣᠭᠲᠠᠭᠠᠯ ᠢ ᠵᠢᠷᠤᠮᠯᠠᠨ ᠲᠦᠷᠢᠮ ᠢ ᠰᠠᠬᠢᠬᠤ ᠤᠯᠤᠰ ᠲᠦᠷᠦ ᠶᠢᠨ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ ︽ᠲᠦᠷᠢᠮ︾᠎ ᠢ ᠬᠡᠷᠡᠭ ᠤᠨ ᠡᠪᠬᠡᠮᠡᠯ᠂ ᠲᠡᠷ᠎ᠡ ᠶᠢᠨ ᠨᠣᠮ ᠪᠣᠯᠭᠠᠵᠤ᠂ ᠵᠤᠷᠪᠤᠰ ᠳᠠᠷᠠᠭᠠᠯᠠᠨ ᠰᠤᠷᠤᠯᠴᠠᠵᠤ᠂ ᠪᠣᠳᠠᠲᠠᠢ ᠲᠠᠢ ᠤᠶᠠᠯᠳᠤᠭᠤᠯᠤᠨ ᠰᠤᠷᠤᠯᠴᠠᠵᠤ᠂ ︽ᠲᠦᠷᠢᠮ︾᠎ ᠢ ᠦᠭᠡ ᠶᠠᠷᠢᠶ᠎ᠠ ᠦᠢᠯᠡ ᠠᠵᠢᠯᠯᠠᠭ᠎ᠠ ᠶᠢᠨ ᠪᠠᠷᠢᠮᠵᠢᠶ᠎ᠠ ᠪᠣᠯᠭᠠᠨ ᠬᠤᠪᠢᠷᠠᠭᠤᠯᠵᠤ᠂ ᠨᠢᠭᠡ ᠵᠦᠢᠯ ᠤᠨ ᠬᠢᠵᠠᠭᠠᠷᠯᠠᠯ ᠪᠣᠯᠭᠠᠬᠤ ᠬᠡᠷᠡᠭᠲᠡᠢ᠃ ᠥᠪᠡᠷ ᠤᠨ ᠳᠤᠲᠠᠭᠤᠳᠠᠯ ᠢᠶᠠᠨ ᠪᠠᠶᠢᠩᠭᠤ ᠪᠠᠶᠢᠴᠠᠭᠠᠨ ᠦᠵᠡᠵᠦ᠂ ᠨᠡᠩ ᠴᠢᠩᠭ᠎ᠠ ᠲᠣᠳᠣᠷᠬᠠᠢ ᠰᠠᠬᠢᠯᠭ᠎ᠠ ᠪᠠᠲᠤ ᠶᠢᠨ ᠱᠠᠭᠠᠷᠳᠠᠯᠭ᠎ᠠ ᠪᠠᠷ ᠨᠠᠶᠢᠳᠠᠪᠤᠷᠢᠵᠢᠭᠤᠯᠤᠯᠲᠠ ᠶᠢ ᠠᠳᠬᠤᠨ ᠬᠥᠭᠵᠢᠯᠲᠡ ᠶᠢ ᠠᠬᠢᠭᠤᠯᠵᠤ᠂ ᠦᠷᠭᠦᠯᠵᠢ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠲᠦᠷᠢᠮ︾᠎ ᠳᠠᠬᠢ ︽ᠨᠠᠵᠠᠭᠠᠢ ᠲᠠᠯ᠎ᠠ ᠶᠢᠨ ᠨᠠᠷᠢᠨ ᠲᠠᠩᠰᠠ︾᠎ ᠲᠠᠢ ᠬᠠᠷᠢᠴᠠᠭᠤᠯᠤᠨ ᠥᠪᠡᠷ ᠢ ᠪᠠᠨ ᠪᠠᠶᠢᠴᠠᠭᠠᠨ ᠦᠵᠡᠵᠦ᠂ ᠴᠠᠭ ᠢᠮᠠᠭᠲᠠ ᠥᠪᠡᠷ ᠤᠨ ᠦᠭᠡ ᠶᠠᠷᠢᠶ᠎ᠠ ᠦᠢᠯᠡ ᠠᠵᠢᠯᠯᠠᠭ᠎ᠠ ᠪᠠᠨ ᠵᠢᠷᠤᠮᠵᠢᠭᠤᠯᠵᠤ᠂ ᠭᠠᠵᠠᠷ ᠪᠣᠯᠭᠠᠨ ᠳᠤ ᠨᠠᠮ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠬᠤ ᠬᠡᠷᠡᠭᠲᠡᠢ᠃ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭᠠᠳᠬᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠦᠷᠭᠦᠯᠵᠢᠯᠡᠨ ᠪᠠᠬᠢᠵᠢᠭᠦᠯᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠢ ᠬᠠᠮᠢᠶᠠᠷᠴᠤ ᠨᠠᠮ ᠢ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠤᠳᠤᠷᠢᠳᠬᠤ ᠪᠠᠭ ᠤᠨ ᠪᠦᠷᠢᠯᠳᠦᠬᠦᠨ ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ ᠶᠢ ᠰᠠᠶᠢᠲᠤᠷ ᠭᠦᠢᠴᠡᠳᠬᠡᠵᠦ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠦᠷᠭᠦᠯᠵᠢᠯᠡᠨ ᠪᠠᠬᠢᠵᠢᠭᠦᠯᠦᠨ ᠬᠥᠭᠵᠢᠭᠦᠯᠬᠦ ᠬᠡᠷᠡᠭᠲᠡᠢ  ᠭᠡᠵᠤ ᠬᠡᠯᠡᠪᠡ᠃    ᠰᠦᠨ ᠬᠤᠤ ᠬᠠᠶᠢᠷᠤᠪ ᠤᠨ ᠲᠤᠬᠤᠢ ᠲᠣᠭᠤᠷᠢᠭ ᠤᠨ ᠪᠦᠬᠦ ᠤᠳᠤᠷᠢᠳᠬᠤ ᠺᠠᠳ᠋ᠷᠴᠤᠳ ᠲᠤ ︽ᠲᠤᠯᠤᠭᠠᠨ ᠵᠦᠢᠯ ᠤᠨ ᠰᠡᠳᠬᠢᠬᠦᠢ︾᠎ ᠪᠠᠷ ᠬᠥᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠵᠦ᠂ ︽ᠶᠢᠰᠦᠨ ᠵᠦᠢᠯ ᠤᠨ ᠤᠬᠠᠮᠰᠠᠷ︾᠎ ᠢᠶᠠᠷ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠠᠬᠢᠭᠤᠯᠵᠤ᠂ ᠴᠠᠭ ᠢᠮᠠᠭᠲᠠ ︽ᠲᠠᠪᠤᠨ ᠰᠡᠳᠬᠢᠯ︾᠎ ᠤᠨ ᠱᠠᠭᠠᠷᠳᠠᠯᠭ᠎ᠠ ᠶᠢ ᠪᠠᠲᠤᠯᠠᠨ᠎ᠠ ᠭᠡᠵᠦ ᠳᠤᠷᠠᠳᠴᠠᠢ᠃ ᠢᠳᠡᠪᠬᠢᠲᠡᠢ ᠪᠠᠷ ᠤᠷᠤᠭᠰᠢᠯᠠᠨ ᠲᠠᠪᠰᠢᠬᠤ᠂ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠪᠣᠳᠠᠲᠤ ᠦᠷ᠎ᠡ ᠪᠦᠲᠦᠮᠵᠢ ᠪᠠᠷ ᠥᠪᠡᠷᠲᠡᠭᠡᠨ ᠵᠠᠰᠠᠬᠤ ᠣᠷᠣᠨ ᠤ ︽ᠬᠤᠶᠠᠷ ᠶᠡᠭᠡ ᠶᠠᠪᠤᠳᠠᠯ︾᠎ ᠳᠤ ᠨᠡᠩ ᠰᠠᠶᠢᠲᠤᠷ ᠦᠢᠯᠡᠴᠢᠯᠡᠵᠦ᠂ ᠥᠪᠡᠷᠲᠡᠭᠡᠨ ᠵᠠᠰᠠᠬᠤ ᠣᠷᠣᠨ ᠤ ︽ᠰᠢᠨ᠎ᠡ ᠵᠠᠮ ᠢ ᠨᠡᠭᠡᠭᠡᠬᠦ᠂ ᠳᠤᠮᠳᠠᠳᠤ ᠲᠦᠪᠰᠢᠨ ᠳᠤ ᠣᠷᠣᠬᠤ︾ ᠬᠠᠷᠠᠯᠲᠠ ᠪᠠ ᠬᠤᠳᠠ ᠶᠢᠨ ᠨᠠᠮ ᠤᠨ ᠬᠤᠷᠢᠶᠠᠨ ᠤ ︽ᠭᠤᠷᠪᠠᠨ ᠥᠨᠳᠥᠷ ᠬᠠᠷᠠᠯᠲᠠ︾᠎ ᠶᠢ ᠪᠡᠶᠡᠯᠡᠭᠦᠯᠬᠦ ᠳᠤ ᠨᠡᠩ ᠤᠯᠠᠨ ᠬᠠᠶᠢᠷᠤᠪ ᠤᠨ ᠲᠤᠬᠤᠢ ᠶᠢᠨ ᠬᠦᠴᠦᠨ ᠴᠢᠳᠠᠯ ᠢᠶᠠᠨ ᠡᠷᠭᠦᠪᠡ᠃    ᠬᠤᠷᠠᠯ ᠳᠤ ᠣᠷᠣᠯᠴᠠᠭᠰᠠᠳ ᠰᠡᠷᠡᠮᠵᠢᠯᠡᠭᠦᠯᠬᠦ ᠬᠥᠮᠦᠵᠢᠯ ᠤᠨ ᠹᠢᠯᠢᠮ ︽ᠬᠠᠶᠢᠷᠤᠪ ᠤᠨ ᠲᠤᠬᠤᠢ ᠲᠣᠭᠤᠷᠢᠭ ᠤᠨ 2023 ᠣᠨ ᠤ ᠰᠡᠷᠡᠮᠵᠢᠯᠡᠭᠦᠯᠬᠦ ᠬᠥᠮᠦᠵᠢᠯ ᠤᠨ ᠹᠢᠯᠢᠮ︾᠎ ᠢ ᠲᠥᠪᠯᠡᠷᠡᠭᠦᠯᠦᠨ ᠦᠵᠡᠪᠡ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号