2024 ᠣᠨ ᠤ 5 ᠰᠠᠷ᠎ᠠ ᠶᠢᠨ 31 ᠤ ᠡᠳᠦᠷ ᠪᠣᠯ 37 ᠳ᠋ᠤᠭᠠᠷ ᠳᠡᠯᠡᠬᠡᠶ ᠶᠢᠨ ᠲᠠᠮᠠᠬᠢ ᠲᠠᠲᠠᠬᠤ ᠥᠬᠡᠶ | ᠡᠳᠦᠷ ᠪᠣᠯᠤᠨ᠎ᠠ᠃ ᠦᠬᠠᠶ ᠬᠤᠲᠠ ᠶᠢᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠵᠢᠯᠣᠭᠤᠳᠬᠤ ᠲᠥᠪ᠂ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠠᠶᠢᠷᠤᠪ ᠤᠨ ᠲᠣᠬᠤᠢ ᠲᠣᠭᠤᠷᠢᠭ ᠤᠨ ᠤᠯᠤᠰ ᠢᠶᠠᠨ | ᠬᠠᠶᠢᠷᠠᠯᠠᠬᠤ ᠡᠷᠡᠭᠦᠯ ᠬᠠᠮᠠᠭᠠᠯᠠᠯ ᠤᠨ ᠵᠢᠯᠣᠭᠤᠳᠬᠤ ᠲᠥᠪ᠂ ᠡᠪ ᠬᠠᠮᠲᠤ ᠵᠠᠯᠠᠭᠤᠴᠤᠳ ᠤᠨ ᠡᠪᠯᠡᠯ ᠤᠨ | ᠬᠠᠶᠢᠷᠤᠪ ᠤᠨ ᠲᠣᠬᠤᠢ ᠲᠣᠭᠤᠷᠢᠭ ᠤᠨ ᠬᠤᠷᠢᠶ᠎ᠠ᠂ ᠦᠬᠠᠶ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ᠂ | ᠬᠠᠶᠢᠷᠤᠪ ᠤᠨ ᠲᠣᠬᠤᠢ ᠲᠣᠭᠤᠷᠢᠭ ᠤᠨ ᠬᠢᠲᠠᠳ ᠡᠮᠨᠡᠯᠭᠡ ᠶᠢᠨ ᠬᠤᠷᠢᠶ᠎ᠠ ᠪᠣᠯᠤᠨ ᠡᠯ᠎ᠡ ᠨᠡᠶᠢᠭᠡᠮ ᠲᠣᠭᠤᠷᠢᠭ ᠤᠨ | ᠡᠷᠡᠭᠦᠯ ᠬᠠᠮᠠᠭᠠᠯᠠᠯ ᠤᠨ ᠤᠶᠢᠯᠡᠴᠢᠯᠡᠭᠡᠨ ᠤ ᠲᠥᠪ ᠨᠢ ᠠᠷᠠᠳ ᠤᠨ ᠴᠡᠴᠡᠷᠯᠢᠭ ᠲᠤ ︽ᠵᠠᠯᠠᠭᠤᠴᠤᠳ ᠪᠠᠭᠠᠴᠤᠳ ᠤᠨ | ᠲᠠᠮᠠᠬᠢᠨ ᠤ ᠬᠤᠤᠷ ᠬᠥᠨᠥᠭᠡᠯ ᠠᠴᠠ ᠬᠡᠯᠲᠦᠷᠢᠭᠦᠯᠬᠦ︾ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ | ᠬᠠᠮᠲᠤᠷᠠᠨ ᠡᠷᠭᠢᠯᠡᠪᠡ᠃ | | ᠠᠵᠢᠯᠯᠠᠭ᠎ᠠ ᠶᠢᠨ ᠲᠠᠯ᠎ᠠ ᠪᠠᠷ᠂ ᠰᠠᠶᠢᠨ ᠳᠤᠷ᠎ᠠ ᠶᠢᠨ ᠦᠢᠯᠡᠴᠢᠯᠡᠭᠴᠢᠳ ᠲᠤᠬᠠᠶ ᠶᠢᠨ ᠲᠠᠯᠠᠪᠤᠷ ᠲᠤ ᠬᠦᠷᠴᠦ | ᠲᠠᠮᠠᠬᠢ ᠲᠠᠲᠠᠬᠤ ᠶᠢ ᠴᠠᠭᠠᠵᠠᠯᠠᠬᠤ ᠤᠬᠠᠭᠤᠯᠭ᠎ᠠ ᠶᠢᠨ ᠠᠵᠢᠯᠯᠠᠭ᠎ᠠ ᠳᠤ ᠣᠷᠣᠯᠴᠠᠭᠰᠠᠨ ᠣᠯᠠᠨ ᠲᠦᠮᠡᠨ ᠳᠤ | ᠰᠦᠢᠳᠬᠡᠯ ᠬᠤᠷᠢᠶᠠᠬᠤ ᠥᠬᠡᠶ ᠪᠠᠷ ᠠᠯᠪᠠᠨ ᠵᠢᠷᠤᠮ ᠤᠨ ᠡᠮᠴᠢᠯᠡᠭᠡ ᠬᠢᠵᠦ᠂ ᠲᠠᠮᠠᠬᠢ ᠵᠣᠭᠰᠣᠭᠠᠬᠤ | ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ ᠶᠢᠨ ᠬᠠᠮᠲᠤ ᠲᠠᠮᠠᠬᠢ ᠵᠣᠭᠰᠣᠭᠠᠬᠤ ᠤᠬᠠᠭᠤᠯᠭ᠎ᠠ ᠶᠢᠨ ᠯᠠᠪᠯᠠᠭ᠎ᠠ ᠶᠢᠨ | ᠲᠠᠪᠴᠠᠩ ᠭᠠᠷᠭᠠᠵᠤ᠂ ᠬᠠᠯᠠᠭᠤᠨ ᠰᠡᠳᠬᠢᠯ ᠲᠠᠢ ᠦᠢᠯᠡᠴᠢᠯᠡᠭᠡ ᠪᠠ ᠬᠦᠯᠢᠴᠡᠩᠭᠦᠶ ᠲᠠᠶᠢᠯᠪᠤᠷᠢᠯᠠᠯᠲᠠ ᠨᠢ ᠶᠡᠭᠡ | ᠬᠡᠮᠵᠢᠶᠡᠨ ᠤ ᠨᠠᠰᠢ ᠴᠠᠰᠢ ᠶᠠᠪᠤᠵᠤ ᠪᠠᠶᠢᠭ᠎ᠠ ᠬᠤᠲᠠ ᠶᠢᠨ ᠠᠷᠠᠳ ᠤᠨ ᠠᠩᠬᠠᠷᠤᠯ ᠢ ᠲᠠᠲᠠᠪᠠ᠃ ᠰᠠᠶᠢᠨ ᠳᠤᠷ᠎ᠠ ᠶᠢᠨ | ᠦᠢᠯᠡᠴᠢᠯᠡᠭᠴᠢᠳ ᠲᠠᠶᠢᠯᠪᠤᠷᠢᠯᠠᠬᠤ ᠪᠠᠷ ᠳᠠᠮᠵᠢᠨ᠂ ᠲᠠᠮᠠᠬᠢ ᠲᠠᠲᠠᠬᠤ ᠬᠤᠤᠷ ᠬᠥᠨᠥᠭᠡᠯ ᠢ ᠣᠶᠢᠯᠠᠭᠠᠭᠰᠠᠨ ᠤ ᠳᠠᠷᠠᠭ᠎ᠠ | ᠂ ᠣᠯᠠᠨ ᠢᠶᠠᠷ ᠢᠶᠠᠨ ᠲᠠᠮᠠᠬᠢ ᠵᠣᠭᠰᠣᠭᠠᠬᠤ ᠮᠡᠳᠡᠯᠭᠡ ᠶᠢᠨ ᠭᠠᠷ ᠳᠡᠪᠲᠡᠷ ᠢ ᠬᠦᠯᠢᠶᠡᠨ ᠠᠪᠴᠤ᠂ ᠰᠠᠶᠢᠨ ᠳᠤᠷ᠎ᠠ ᠶᠢᠨ | ᠦᠢᠯᠡᠴᠢᠯᠡᠭᠴᠢ ᠠᠴᠠ ᠲᠠᠮᠠᠬᠢ ᠵᠣᠭᠰᠣᠭᠠᠬᠤ ᠮᠡᠳᠡᠯᠭᠡ ᠶᠢ ᠤᠯᠠᠮ ᠨᠢᠭᠡ ᠠᠯᠬᠤᠮ ᠠᠰᠠᠭᠤᠨ ᠯᠠᠪᠯᠠᠵᠤ᠂ ᠲᠠᠮᠠᠬᠢ | ᠴᠠᠭᠠᠵᠠᠯᠠᠬᠤ ᠮᠡᠳᠡᠯᠭᠡ ᠶᠢᠨ ᠦᠵᠡᠭᠦᠯᠭᠡ ᠶᠢᠨ ᠰᠠᠮᠪᠠᠷ᠎ᠠ ᠶᠢ ᠬᠠᠮᠲᠤ ᠪᠠᠷ ᠰᠣᠨᠢᠷᠬᠠᠪᠠ᠃ ᠲᠤᠬᠠᠶ ᠶᠢᠨ ᠲᠠᠯᠠᠪᠤᠷ ᠤᠨ | ᠰᠠᠶᠢᠨ ᠳᠤᠷᠠᠴᠤᠳ ᠪᠠᠰᠠ ᠤᠬᠠᠭᠤᠯᠭ᠎ᠠ ᠶᠢᠨ ᠠᠵᠢᠯᠯᠠᠭ᠎ᠠ ᠳᠤ ᠢᠳᠡᠪᠬᠢᠲᠡᠶ ᠣᠷᠣᠯᠴᠠᠭᠰᠠᠨ ᠬᠤᠲᠠ ᠶᠢᠨ | ᠠᠷᠠᠳ ᠲᠤ ᠤᠬᠠᠭᠤᠯᠭ᠎ᠠ ᠶᠢᠨ ᠳᠤᠷᠠᠰᠬᠠᠯ ᠤᠨ ᠪᠣᠳᠠᠰ ᠬᠦᠷᠭᠡᠪᠡ᠃ | | ᠤᠶᠢᠷ᠎ᠠ ᠶᠢᠨ ᠵᠢᠯ ᠳᠤ᠂ ᠵᠠᠯᠠᠭᠤᠴᠤᠳ ᠪᠠᠭᠠᠴᠤᠳ ᠤᠨ ᠲᠠᠮᠠᠬᠢ ᠲᠠᠲᠠᠬᠤ ᠠᠰᠠᠭᠤᠳᠠᠯ ᠨᠢ ᠬᠥᠮᠦᠰ ᠤᠨ | ᠠᠩᠬᠠᠷᠤᠯ ᠢ ᠡᠳᠦᠷ ᠢᠷᠡᠬᠦᠶ᠎ᠡ ᠲᠠᠲᠠᠵᠤ᠂ ᠲᠠᠮᠠᠬᠢ ᠲᠠᠲᠠᠬᠤ ᠨᠢ ᠨᠠᠰᠤ ᠠᠬᠢᠭᠰᠠᠨ ᠵᠠᠯᠠᠭᠤᠴᠤᠳ ᠪᠠᠭᠠᠴᠤᠳ | ᠠᠭᠠᠵᠢᠮ ᠢᠶᠠᠷ ᠣᠮᠲᠣᠭᠠᠢᠯᠠᠵᠤ ᠪᠣᠯᠬᠤ ᠦᠭᠡᠢ ᠡᠷᠡᠭᠦᠯ ᠮᠡᠨᠳᠦ ᠶᠢᠨ ᠥᠷᠢᠰᠦᠯᠳᠦᠭᠡᠨ ᠪᠣᠯᠵᠠᠢ᠃ ᠲᠣᠰ ᠤᠳᠠᠭᠠᠨ ᠤ | ᠤᠬᠠᠭᠤᠯᠭ᠎ᠠ ᠶᠢᠨ ᠠᠵᠢᠯᠯᠠᠭ᠎ᠠ ᠳᠤ ᠶᠡᠭᠡ ᠬᠡᠮᠵᠢᠶᠡᠨ ᠤ ᠬᠤᠲᠠ ᠶᠢᠨ ᠠᠷᠠᠳ ᠤᠨ ᠠᠩᠬᠠᠷᠤᠯ ᠢ ᠲᠠᠲᠠᠵᠤ᠂ | ᠠᠵᠢᠯᠯᠠᠭ᠎ᠠ ᠳᠤ ᠠᠵᠢᠯᠲᠠᠳ ᠲᠠᠮᠠᠬᠢ ᠲᠠᠳᠠᠭᠰᠠᠳ ᠤᠨ ᠪᠡᠶ᠎ᠡ ᠮᠠᠬᠠᠪᠣᠳ ᠲᠤ ᠤᠴᠠᠷᠠᠭᠤᠯᠤᠭᠰᠠᠨ ᠬᠤᠤᠷ ᠬᠥᠨᠥᠭᠡᠯ ᠢ | ᠢᠳᠡᠪᠬᠢᠲᠡᠶ ᠤᠬᠠᠭᠤᠯᠵᠤ᠂ ᠬᠤᠲᠠ ᠶᠢᠨ ᠠᠷᠠᠳ ᠲᠤ ᠵᠠᠯᠠᠭᠤᠴᠤᠳ ᠪᠠᠭᠠᠴᠤᠳ ᠤᠨ ᠲᠠᠮᠠᠬᠢ ᠲᠠᠲᠠᠬᠤ | ᠠᠰᠠᠭᠤᠳᠠᠯ ᠢ ᠴᠢᠬᠤᠯᠠᠴᠢᠯᠠᠵᠤ᠂ ᠲᠠᠮᠠᠬᠢ ᠲᠠᠲᠠᠬᠤ ᠵᠠᠯᠠᠭᠤᠴᠤᠳ ᠪᠠᠭᠠᠴᠤᠳ ᠤᠨ ᠡᠮᠦᠨ᠎ᠡ ᠲᠣᠬᠢᠷᠠᠮᠵᠢᠲᠠᠶ | ᠰᠠᠨᠠᠭᠤᠯᠭ᠎ᠠ ᠪᠠ ᠵᠢᠯᠣᠭᠤᠳᠣᠯᠭ᠎ᠠ ᠥᠭᠬᠦ ᠬᠡᠷᠡᠭᠲᠡᠶ ᠭᠡᠵᠦ ᠬᠦᠯᠢᠴᠡᠩᠭᠦᠶ ᠪᠠᠷ ᠰᠠᠨᠠᠭᠤᠯᠪᠠ᠃ ᠠᠵᠢᠯᠯᠠᠭ᠎ᠠ ᠶᠢᠨ | ᠠᠵᠢᠯᠲᠠᠳ ᠬᠤᠲᠠ ᠶᠢᠨ ᠠᠷᠠᠳ ᠲᠠᠢ ᠦᠢᠯᠡᠳᠦᠯᠴᠡᠬᠦ ᠪᠠᠷ ᠳᠠᠮᠵᠢᠭᠤᠯᠤᠨ᠂ ᠲᠠᠮᠠᠬᠢ ᠲᠠᠲᠠᠬᠤ ᠬᠤᠤᠷ ᠬᠥᠨᠥᠭᠡᠯ ᠤᠨ | ᠮᠡᠳᠡᠯᠭᠡ ᠪᠠ ᠰᠢᠨᠵᠢᠯᠡᠬᠦ ᠤᠬᠠᠭᠠᠨᠴᠢ ᠪᠠᠷ ᠲᠠᠮᠠᠬᠢ ᠵᠣᠭᠰᠣᠭᠠᠬᠤ ᠠᠷᠭ᠎ᠠ ᠶᠢᠨ ᠲᠠᠷᠬᠠᠯᠲᠠ ᠶᠢ ᠪᠦᠲᠦᠮᠵᠢᠲᠡᠶ | ᠠᠬᠢᠭᠤᠯᠵᠤ᠂ ᠬᠠᠶᠢᠷᠤᠪ ᠤᠨ ᠲᠣᠬᠤᠢ ᠲᠣᠭᠤᠷᠢᠭ ᠤᠨ ᠪᠤᠯᠪᠠᠰᠤᠨ ᠲᠠᠮᠠᠬᠢ ᠲᠠᠲᠠᠬᠤ ᠪᠠᠨ ᠵᠣᠭᠰᠣᠬᠤ ᠠᠵᠢᠯ ᠳᠤ | ᠬᠤᠪᠢ ᠨᠡᠮᠡᠷᠢ ᠦᠵᠡᠭᠦᠯᠪᠡ᠃ | |